ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/29
    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ᠄ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ︵ᠳᠣᠷᠣᠭᠰᠢ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠭᠡᠵᠦ ᠲᠣᠪᠴᠢᠯᠠᠨ᠎ᠠ︶ ᠶᠢᠨ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ︵ᠨᠢᠭᠡ︶ ᠠᠯᠪᠠᠨ ᠭᠡᠷ᠃    ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠤ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ ᠵᠢᠴᠢ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠯ ᠤᠨ ᠡᠩᠨᠡᠭᠡᠨ ᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠪᠠ ᠵᠠᠬᠢᠳᠠᠯ ᠰᠤᠷᠪᠤᠯᠵᠢᠯᠠᠯ ᠤᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠵᠡᠷᠭᠡ ᠶᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠣᠭᠤᠳᠬᠤ ᠰᠠᠨᠠᠯ ᠳᠤᠷᠠᠳᠬᠤ ᠬᠡᠷᠡᠭᠲᠡᠢ᠃ ᠪᠦᠬᠦ ᠲᠠᠯ᠎ᠠ ᠶᠢᠨ ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠠᠬᠢᠳᠠᠯ ᠰᠣᠷᠪᠣᠯᠵᠢᠯᠠᠯ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠦᠷᠨᠢᠭᠦᠯᠦᠨ᠎ᠡ᠃ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃    ︵ᠬᠤᠶᠠᠷ︶ ᠬᠠᠤᠯᠢ ᠲᠣᠭᠲᠠᠭᠠᠯ ᠤᠨ ᠰᠲ᠋ᠣᠺ᠃ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠬᠤ᠂ ᠵᠠᠭᠠᠯᠳᠤᠬᠤ ᠪᠠ ᠰᠤᠷᠪᠤᠯᠵᠢᠯᠠᠬᠤ ᠶᠢ ᠰᠠᠯᠭᠠᠬᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠶᠢ ᠬᠠᠷᠢᠭᠤᠴᠠᠨ ᠠᠬᠢᠭᠤᠯᠤᠨ᠎ᠠ︔ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠥᠯᠢᠶᠡᠨ ᠠᠪᠴᠤ ᠰᠢᠢᠳᠪᠦᠷᠢᠯᠡᠬᠦ ᠳᠠᠬᠢᠨ ᠪᠠᠶᠢᠴᠠᠭᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠠᠩᠬ᠎ᠠ ᠬᠢᠨᠠᠨ᠎ᠠ︔ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠰᠢᠢᠳᠪᠦᠷᠢᠯᠡᠬᠦ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠠᠨᠠᠯ ᠭᠠᠷᠭᠠᠭᠤᠯᠬᠤ ᠶᠢ ᠰᠢᠪᠠᠳᠠᠨ᠎ᠠ︔ ᠳᠠᠬᠢᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠳ᠋ᠦᠩᠨᠡᠵᠦ᠂ ᠰᠤᠳᠤᠯᠤᠨ ᠮᠠᠭᠠᠳᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠤᠶᠤ ᠠᠵᠢᠯ ᠢᠶᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ︔ ᠳᠠᠬᠢᠨ ᠪᠠᠶᠢᠴᠠᠭᠠᠬᠤ ᠠᠵᠢᠯ ᠤᠨ ᠳᠤᠮᠳᠠ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠰᠠᠨᠠᠭᠤᠯᠭ᠎ᠠ ᠳᠤᠷᠠᠳᠤᠨ᠎ᠠ᠃    ︵ᠭᠤᠷᠪᠠ︶ ᠵᠠᠬᠢᠳᠠᠯ ᠭᠦᠢᠴᠡᠳ᠋ᠭᠡᠬᠦ ᠰᠲ᠋ᠣᠺ᠃ ᠠᠷᠠᠳ ᠢᠷᠭᠡᠨ᠂ ᠬᠠᠤᠯᠢ ᠶᠢᠨ ᠡᠷᠭᠡᠳᠡᠨ ᠪᠤᠶᠤ ᠪᠤᠰᠣᠳ ᠵᠤᠬᠢᠶᠠᠨ ᠪᠠᠶᠢᠭᠤᠯᠤᠯᠲᠠ ᠶᠢ ᠬᠦᠯᠢᠶᠠᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ    ᠢᠷᠡᠭᠦᠯᠦᠭᠰᠡᠨ ᠵᠠᠬᠢᠳᠠᠯ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠴᠣᠬᠤᠯᠠᠪᠤᠷᠢᠯᠠᠭᠰᠠᠨ ᠵᠠᠬᠢᠳᠠᠯ ᠤᠨ ᠵᠦᠢᠯᠡᠰ ᠢ ᠳᠠᠭᠠᠭᠠᠨ ᠭᠦᠶ᠋ᠴᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠮᠵᠢᠭᠤᠯᠤᠨ ᠬᠦᠷᠭᠡᠬᠦ᠂ ᠲᠤᠰᠢᠶᠠᠨ ᠭᠦᠢᠴᠡᠳᠬᠡᠯᠭᠡᠬᠦ ᠵᠠᠬᠢᠳᠠᠯ ᠤᠨ ᠵᠦᠢᠯᠡᠰ ᠢ ᠳᠠᠭᠠᠭᠠᠨ ᠭᠦᠶ᠋ᠴᠡᠳᠬᠡᠨ᠎ᠡ᠃ ᠵᠠᠬᠢᠳᠠᠯ ᠰᠤᠷᠪᠤᠯᠵᠢᠯᠠᠯ ᠤᠨ ᠰᠦᠯᠵᠢᠶᠡᠨ ᠳᠡᠭᠡᠷ᠎ᠡ ᠵᠠᠭᠠᠯᠳᠤᠭᠰᠠᠨ ᠬᠡᠷᠡᠭ ᠢ ᠰᠢᠶ᠋ᠳᠪᠦᠷᠢᠯᠡᠬᠦ ᠠᠵᠢᠯ ᠢ ᠳᠠᠭᠠᠭᠠᠨ ᠰᠢᠶ᠋ᠳᠪᠦᠷᠢᠯᠡᠨ᠎ᠡ᠃ ᠪᠥᠬᠦ ᠬᠤᠰᠢᠭᠤᠨ ᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠡᠬᠡ ᠲᠠᠩᠰᠠ ᠶᠢ ᠡᠮᠬᠢᠯᠡᠨ ᠬᠤᠷᠢᠶᠠᠩᠭᠤᠶᠢᠯᠠᠬᠤ ᠠᠵᠢᠯ ᠢ ᠳᠠᠭᠠᠭᠠᠨ ᠭᠦᠶ᠋ᠴᠡᠳᠬᠡᠨ᠎ᠡ᠃ ᠢᠷᠡᠭᠦᠯᠦᠭᠰᠡᠨ ᠵᠠᠬᠢᠳᠠᠯ ᠤᠨ ᠤᠴᠢᠷ ᠶᠠᠪᠤᠳᠠᠯ ᠢ ᠰᠢᠯᠵᠢᠭᠦᠯᠦᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ᠂ ᠰᠢᠪᠠᠳᠠᠨ ᠰᠢᠢᠳᠪᠦᠷᠢᠯᠡᠭᠦᠯᠬᠦ᠂ ᠢᠷᠡᠭᠦᠯᠦᠭᠰᠡᠨ ᠵᠠᠬᠢᠳᠠᠯ ᠤᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠳᠤᠷᠠᠳᠤᠨ᠎ᠠ    ᠾᠧ ᠼᠧ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠢᠢᠳᠪᠦᠷᠢᠯᠡᠬᠦ ᠠᠵᠢᠯ ᠢ ᠵᠢᠯᠣᠭᠤᠳᠤᠨ ᠪᠠᠶᠢᠴᠠᠭᠠᠨ᠎ᠠ᠃    ︵ᠲᠦᠷᠪᠡ︶ ᠬᠢᠨᠠᠨ ᠪᠠᠶᠢᠴᠠᠭᠠᠬᠤ ᠲᠠᠰᠤᠭ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠲᠥᠪ ᠬᠤᠷᠢᠶ᠎ᠠ ᠶᠢ ᠲᠤᠭᠤᠰᠢᠯᠠᠭᠤᠯᠬᠤ ᠶᠢ ᠬᠠᠷᠢᠭᠤᠴᠠᠨ᠎ᠠ    ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠨᠠᠷᠢᠨ ᠪᠤᠳᠤᠯᠢᠶᠠᠨᠲᠠᠶ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠶ᠋ᠳᠪᠦᠷᠢᠯᠡᠨ᠎ᠡ᠃ ᠣᠨᠴᠠᠭᠠᠶ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠤᠨ ᠪᠠᠯᠠ ᠮᠥᠩᠭᠦ ᠶᠢ ᠬᠠᠮᠢᠶᠠᠷᠤᠨ ᠬᠡᠷᠡᠭᠯᠡᠵᠦ᠂ ᠵᠣᠬᠢᠴᠠᠭᠤᠯᠬᠤ᠂ ᠬᠢᠨᠠᠨ ᠬᠠᠷᠭᠤᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠡ ᠶᠢᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ ᠰᠠᠨᠠᠭᠤᠯᠭ᠎ᠠ ᠳᠤᠷᠠᠳᠴᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠰᠢᠶ᠋ᠳᠪᠦᠷᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠡ ᠶᠢᠨ ᠵᠠᠬᠢᠳᠠᠯ ᠰᠤᠷᠪᠤᠯᠵᠢᠯᠠᠭ᠎ᠠ ᠶᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠢ ᠵᠢᠯᠣᠭᠤᠳᠤᠨ ᠪᠠᠶᠢᠴᠠᠭᠠᠨ᠎ᠠ᠃ ᠪᠦᠬᠦ ᠬᠤᠰᠢᠭᠤᠨ ᠤ ᠪᠡᠭᠡᠵᠢᠩ ᠳᠤ ᠰᠠᠭᠤᠭ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ ᠪᠡᠭᠡᠵᠢᠩ ᠳᠤ ᠣᠴᠢᠬᠤ᠂ ᠲᠣᠭᠤᠷᠢᠭ ᠲᠤ ᠣᠴᠢᠬᠤ ᠪᠠ ᠬᠤᠲᠠ ᠳᠤ ᠬᠦᠷᠴᠦ ᠬᠦᠯᠢᠶᠡᠨ ᠠᠪᠬᠤ ᠪᠤᠰᠤ ᠭᠠᠵᠠᠷ ᠤᠨ ᠰᠤᠷᠪᠤᠯᠵᠢᠯᠠᠭ᠎ᠠ ᠳᠤ ᠬᠤᠯᠪᠣᠭᠳᠠᠭᠰᠠᠨ ᠬᠥᠮᠦᠰ ᠢ ᠢᠳᠬᠠᠨ ᠪᠤᠴᠠᠭᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠣᠯᠤᠨ ᠬᠥᠯᠥᠨ ᠪᠤᠶᠢᠷ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠰᠤᠷᠪᠤᠯᠵᠢᠯᠠᠯ ᠬᠦᠯᠢᠶᠡᠨ ᠠᠪᠬᠤ ᠭᠠᠵᠠᠷ ᠤᠨ ᠡᠮᠬᠢ ᠳᠢᠭᠯᠢᠮ ᠢ ᠬᠠᠪᠰᠤᠷᠤᠨ ᠵᠢᠷᠤᠮᠵᠢᠭᠤᠯᠵᠤ᠂ ᠪᠡᠭᠡᠵᠢᠩ ᠳᠤ ᠣᠷᠣᠬᠤ᠂ ᠲᠣᠭᠤᠷᠢᠭ ᠲᠤ ᠣᠴᠢᠬᠤ ᠪᠠ ᠬᠤᠲᠠ ᠳᠤ ᠬᠦᠷᠴᠦ ᠬᠦᠯᠢᠶᠡᠨ ᠠᠪᠬᠤ ᠪᠤᠰᠤ ᠭᠠᠵᠠᠷ ᠤᠨ ᠰᠤᠷᠪᠤᠯᠵᠢᠯᠠᠯ ᠬᠢᠬᠦ ᠳᠤ ᠬᠤᠯᠪᠣᠭᠳᠠᠬᠤ ᠬᠥᠮᠦᠰ ᠢ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠬᠦᠰᠡᠯ ᠱᠠᠭᠠᠷᠳᠠᠯᠭ᠎ᠠ ᠪᠠᠨ ᠲᠤᠰᠬᠠᠬᠤ ᠶᠢ ᠬᠥᠲᠥᠯᠥᠨ ᠵᠢᠯᠣᠭᠤᠳᠤᠨ᠎ᠠ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ