ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/29
    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠪᠠᠶᠢᠭᠤᠯᠤᠮᠵᠢ ᠶᠢᠨ ᠬᠡᠪ ᠬᠡᠮᠵᠢᠶ᠎ᠡ ᠨᠢ ᠵᠢᠩᠬᠢᠨᠢ ᠰᠠᠯᠠᠭᠠᠨ ᠤ ᠲᠠᠰ ᠲᠠᠢ ᠲᠡᠩᠴᠡᠨ᠎ᠡ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃    ︵ᠬᠤᠶᠠᠷ︶ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠪᠥᠬᠦ ᠰᠢᠰᠲ᠋ᠧᠮ ᠤᠨ ᠥᠭᠡᠷᠡᠴᠢᠯᠡᠯᠲᠡ ᠬᠥᠭᠵᠢᠯᠲᠡ ᠶᠢ ᠵᠢᠯᠣᠭᠤᠳᠤᠨ ᠦᠢᠯᠡᠴᠢᠯᠡᠨ᠎ᠡ᠃    ︵ᠭᠤᠷᠪᠠ︶ ᠪᠥᠬᠦ ᠬᠤᠰᠢᠭᠤᠨ ᠤ ᠬᠥᠳᠡᠭᠡ ᠲᠣᠰᠬᠤᠨ ᠤ ᠠᠪᠠ ᠶᠢᠨ ᠣᠷᠣᠨ ᠤ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠲᠦᠷᠦᠭᠦᠯᠡᠬᠦ ᠰᠠᠯᠠᠭ᠎ᠠ ᠮᠥᠴᠢᠷ ᠪᠠᠶᠢᠵᠤ᠂ ᠵᠣᠬᠢᠶᠠᠨ ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ ᠪᠠ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠣᠲᠣ ᠶᠢᠨ ᠪᠠᠶᠢᠭ᠎ᠠ ᠬᠥᠳᠡᠭᠡ ᠲᠣᠰᠬᠤᠨ ᠤ ᠠᠪᠠ ᠶᠢᠨ ᠣᠷᠣᠨ ᠤ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠴᠡᠭᠴᠡᠯᠡᠨ ᠵᠢᠷᠤᠮᠵᠢᠭᠤᠯᠤᠨ᠎ᠠ᠃    ︵ᠲᠦᠷᠪᠡ︶ ᠵᠠᠰᠠᠭ ᠤᠨ ᠣᠷᠳᠣᠨ ᠤ ᠣᠯᠭᠤᠭᠰᠠᠨ ᠡᠷᠬᠡ ᠶᠢ ᠦᠨᠳᠦᠰᠦᠯᠡᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠬᠤᠯᠠ ᠬᠡᠷᠡᠭᠰᠡᠯ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠵᠡᠩᠨᠡᠬᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠴᠢᠬᠤᠯᠠ ᠲᠠᠸᠠᠷ ᠢ ᠨᠥᠭᠡᠴᠡᠯᠡᠨ ᠬᠠᠩᠭᠠᠬᠤ ᠳᠤ ᠵᠣᠬᠢᠶᠠᠨ ᠪᠠᠶᠢᠭᠤᠯᠤᠨ ᠵᠣᠬᠢᠴᠠᠭᠤᠯᠵᠤ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ ᠵᠢᠯᠣᠭᠤᠳᠴᠤ ᠪᠠᠶᠢᠭᠠᠳ ᠵᠠᠰᠠᠭ ᠤᠨ ᠣᠷᠳᠣᠨ ᠤ ᠨᠠᠶᠢᠳᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡ ᠪᠠ ᠪᠤᠰᠤᠳ ᠡᠭᠦᠷᠭᠡ ᠶᠢ ᠡᠭᠦᠷᠭᠡᠯᠡᠭᠦᠯᠦᠨ᠎ᠡ᠃    ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠵᠢᠯᠣᠭᠤᠳᠴᠤ᠂ ᠰᠢᠰᠲ᠋ᠧᠮ ᠤᠨ ᠰᠢᠨ᠎ᠡ ᠬᠥᠳᠡᠭᠡ ᠲᠣᠰᠬᠤᠨ ᠤ ᠣᠲᠣ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠰᠦᠯᠵᠢᠶᠡᠨ ᠤ ᠢᠨᠵᠧᠨᠧᠷᠢᠩ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠳᠠᠬᠢᠯᠲᠠ ᠡᠬᠢ ᠪᠠᠶᠠᠯᠢᠭ ᠢ ᠠᠰᠢᠭᠯᠠᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠪᠠ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠠᠵᠢᠯ ᠢ ᠥᠷᠨᠢᠭᠦᠯᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢ ᠳᠠᠭᠠᠭᠤᠯᠤᠨ ᠡᠷᠬᠢᠯᠡᠵᠦ ᠡᠭᠦᠳᠦᠨ ᠪᠠᠶᠢᠭᠤᠯᠵᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠬᠦ ᠬᠡᠷᠡᠭᠲᠡᠶ᠃    ︵ᠵᠢᠷᠭᠤᠭ᠎ᠠ︶ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠤᠨ ᠤ ᠬᠤᠯᠪᠣᠭᠠᠲᠤ ᠬᠤᠷᠰᠢᠶ᠎ᠠ ᠶᠢᠨ ᠡᠳ᠋ ᠬᠥᠷᠥᠩᠭᠡ ᠶᠢᠨ ᠪᠠᠯᠠ ᠭᠠᠷᠭᠠᠭᠴᠢ ᠶᠢᠨ ᠲᠥᠯᠥᠭᠡᠯᠡᠭᠴᠢ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠵᠦ᠂ ᠬᠤᠷᠰᠢᠶᠠᠨ ᠤ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢ ᠵᠢᠯᠣᠭᠤᠳᠴᠤ ᠂ ᠬᠤᠷᠰᠢᠶᠠᠨ ᠤ ᠠᠵᠤ ᠠᠬᠤᠶᠢᠯᠠᠯ ᠤᠨ ᠲᠠᠷᠢᠶᠠᠯᠠᠩ ᠳᠤ ᠦᠢᠯᠡᠴᠢᠯᠡᠬᠦ ᠴᠢᠭᠯᠡᠯ ᠢ ᠦᠨᠡᠨ ᠬᠦ ᠪᠠᠲᠤᠯᠠᠵᠤ᠂ ᠬᠤᠷᠰᠢᠶᠠᠨ ᠤ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠤᠷᠰᠢᠶ᠎ᠠ ᠶᠢᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠪᠠ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    ︵ᠳᠤᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠨᠢᠭᠡᠴᠡ ᠶᠢᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠵᠠᠰᠠᠭ ᠤᠨ ᠶᠠᠪᠤᠳᠠᠯ᠂ ᠬᠤᠷᠠᠯ ᠤᠨ ᠶᠠᠪᠤᠳᠠᠯ ᠪᠣᠯᠤᠨ ᠤᠬᠠᠭᠤᠯᠭ᠎ᠠ ᠵᠡᠷᠭᠡ ᠶᠡᠷᠦᠩᠬᠡᠶᠢᠯᠡᠭᠰᠡᠨ ᠴᠢᠨᠠᠷᠲᠠᠶ ᠠᠵᠢᠯ ᠢ ᠡᠭᠦᠷᠭᠡᠯᠡᠨ᠎ᠡ᠃    ︵ᠬᠤᠶᠠᠷ︶ ᠡᠳ᠋ ᠤᠨ ᠵᠠᠰᠠᠭ ᠤᠨ ᠭᠠᠵᠠᠷ᠃ ᠪᠠᠶᠢᠭᠤᠯᠭ᠎ᠠ ᠶᠢᠨ ᠨᠢᠭᠲᠠᠯᠠᠨ ᠪᠤᠳᠤᠭᠴᠢ ᠶᠢ ᠲᠦᠭᠡᠮᠡᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠵᠤ᠂ ᠡᠳ᠋ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ︔ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠲᠥᠰᠦᠪ ᠲᠥᠰᠦᠪ ᠤᠨ ᠮᠡᠳᠡᠭᠦᠯᠦᠯᠲᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠲᠣᠭᠲᠠᠮᠠᠯ ᠬᠥᠷᠥᠩᠭᠡ ᠶᠢ ᠬᠠᠷᠢᠭᠤᠴᠠᠨ᠎ᠠ︔ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠲᠤᠬᠠᠶᠢᠯᠠᠭᠰᠠᠨ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠡᠳ᠋ ᠤᠨ ᠶᠠᠪᠤᠳᠠᠯ ᠤᠨ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠵᠢᠯᠣᠭᠤᠳᠤᠨ᠎ᠠ᠃    ︵ᠭᠤᠷᠪᠠ︶ ᠬᠤᠷᠱᠢᠨ ᠵᠢᠯᠣᠭᠤᠳᠬᠤ ᠲᠠᠰᠤᠭ    ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠰᠢᠰᠲ᠋ᠧᠮ ᠤᠨ ᠭᠦᠢᠯᠭᠡᠭᠡᠨ ᠤ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ︔ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠨᠡᠭᠡᠭᠡᠯᠲᠡ ᠵᠢᠴᠢ ᠬᠠᠮᠢᠶ᠎ᠠ ᠪᠥᠬᠦᠶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠡᠭᠦᠷᠭᠡᠯᠡᠨ᠎ᠡ︔ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠬᠤᠷᠰᠢᠶ᠎ᠠ ᠶᠢᠨ ᠶᠡᠷᠦᠩᠬᠡᠶᠢᠯᠡᠭᠰᠡᠨ ᠠᠵᠢᠯ ᠤᠨ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠰᠢᠰᠲ᠋ᠧᠮ ᠤᠨ ᠴᠢᠬᠤᠯᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠵᠡᠷᠭᠡ ᠲᠠᠸᠠᠷ ᠤᠨ ᠥᠭᠡᠷᠡᠴᠢᠯᠡᠯᠲᠡ᠂ ᠵᠣᠬᠢᠴᠠᠭᠤᠯᠭ᠎ᠠ᠂ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ︔ ᠰᠢᠰᠲ᠋ᠧᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠣᠯᠪᠠᠰᠤᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠨ᠎ᠠ᠃    ︵ᠲᠦᠷᠪᠡ︶ ᠭᠦᠩᠱᠧ ᠶᠢᠨ ᠡᠳ᠋ ᠬᠥᠷᠥᠩᠭᠡ ᠶᠢᠨ ᠭᠡᠷ᠃    ᠪᠦᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠲᠤᠰᠬᠠᠶ ᠪᠡᠯᠡ ᠮᠥᠩᠭᠦ ᠶᠢ ᠬᠠᠷᠢᠭᠤᠴᠠᠨ᠎ᠠ︔ ᠪᠦᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠡᠳ᠋ ᠬᠥᠷᠥᠩᠭᠡ ᠶᠢᠨ ᠠᠮᠤᠷ ᠲᠦᠪᠰᠢᠨ ᠡᠵᠡᠩᠨᠡᠯᠲᠡ ᠶᠢᠨ ᠠᠵᠢᠯ ᠢ ᠬᠠᠷᠢᠭᠤᠴᠠᠵᠤ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ᠬᠤᠷᠰᠢᠶᠠᠨ ᠤ ᠡᠳ᠋ ᠬᠥᠷᠥᠩᠭᠡ᠂ ᠥᠭᠡᠷᠡᠴᠢᠯᠡᠨ ᠪᠠᠶᠢᠭᠤᠯᠵᠤ ᠥᠭᠡᠷᠡᠴᠢᠯᠡᠭᠰᠡᠨ ᠤ ᠳᠠᠷᠠᠭ᠎ᠠ ᠦᠯᠡᠳᠡᠬᠦ᠂ ᠬᠤᠷᠰᠢᠶᠠᠨ ᠤ ᠡᠳ᠋ ᠬᠥᠷᠥᠩᠭᠡ ᠶᠢᠨ ᠠᠵᠢᠯ ᠢ ᠪᠠᠭᠲᠠᠭᠠᠨ᠎ᠠ︔ ᠪᠦᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠬᠤᠷᠢᠶᠠᠩᠭᠤᠶᠢᠯᠠᠬᠤ ᠵᠡᠷᠭᠡ ᠠᠵᠢᠯ ᠢ ᠬᠠᠷᠢᠭᠤᠴᠠᠨ᠎ᠠ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ