| ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯ ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ | ᠪᠠᠶᠢᠵᠤ᠂ ᠪᠠᠶᠢᠭᠤᠯᠤᠮᠵᠢ ᠶᠢᠨ ᠬᠡᠪ ᠬᠡᠮᠵᠢᠶ᠎ᠡ ᠨᠢ ᠵᠢᠩᠬᠢᠨᠢ ᠰᠠᠯᠠᠭᠠᠨ ᠤ ᠲᠠᠰ ᠲᠠᠢ ᠲᠡᠩᠴᠡᠨ᠎ᠡ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠲᠥᠯᠥᠪᠯᠡᠭᠡ᠂ ᠬᠠᠮᠢᠶ᠎ᠠ ᠪᠦᠬᠦᠢ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠥᠬᠦ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ | ᠬᠢᠨᠠᠯᠲᠠ ᠲᠠᠯᠪᠢᠬᠤ ᠶᠢ ᠡᠭᠦᠷᠭᠡᠯᠡᠵᠦ᠂ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠶᠢ ᠪᠦᠷᠢᠳᠬᠡᠬᠦ᠂ ᠡᠨᠧᠷᠭᠢ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠶᠢ | ᠡᠭᠦᠳᠦᠨ ᠪᠠᠶᠢᠭᠤᠯᠬᠤ ᠪᠠ ᠦᠨᠡᠯᠡᠵᠦ ᠬᠢᠨᠠᠨ ᠰᠢᠯᠭᠠᠬᠤ ᠵᠡᠷᠭᠡ ᠠᠵᠢᠯ ᠢ ᠥᠷᠨᠢᠭᠦᠯᠦᠨ᠎ᠡ᠃ | ︵ᠭᠤᠷᠪᠠ︶ ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ | ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠢᠨᠡᠳᠬᠡᠬᠦ᠂ ᠳᠣᠭᠢᠷᠠᠭᠤᠯᠬᠤ᠂ | ᠰᠢᠢᠳᠪᠦᠷᠢᠯᠡᠬᠦ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠥᠪᠯᠡᠷᠡᠭᠦᠯᠦᠨ ᠨᠢᠭᠡᠳᠦᠯᠲᠡᠶ ᠬᠠᠮᠢᠶᠠᠷᠴᠤ ᠨᠢᠭᠡᠳᠦᠯᠲᠡᠶ | ᠲᠥᠯᠥᠪᠯᠡᠨ ᠳᠣᠭᠢᠷᠠᠭᠤᠯᠤᠨ ᠬᠡᠷᠡᠭᠯᠡᠬᠦ ᠠᠵᠢᠯ ᠢ ᠥᠷᠨᠢᠭᠦᠯᠦᠨ᠎ᠡ︔ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ | ᠡᠭᠦᠷᠭᠡᠯᠡᠵᠦ᠂ ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ | ︵ᠲᠦᠷᠪᠡ︶ ᠪᠦᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠡ ᠶᠢᠨ ᠠᠯᠪᠠᠨ ᠭᠡᠷ᠂ ᠭᠠᠵᠠᠷ ᠤᠨ | ᠲᠠᠰ ᠤᠨ ᠺᠠᠳ᠋ᠷ ᠤᠨ ᠡᠷᠭᠢᠯᠲᠡ ᠶᠢᠨ ᠣᠷᠣᠨ ᠰᠠᠭᠤᠴᠠ ᠶᠢᠨ ᠡᠷᠬᠡ ᠶᠢᠨ ᠬᠠᠷᠢᠶᠠᠯᠠᠯ ᠢ ᠳᠠᠩᠰᠠᠯᠠᠬᠤ᠂ ᠬᠡᠷᠡᠭᠯᠡᠵᠦ ᠲᠣᠬᠢᠷᠠᠭᠤᠯᠬᠤ᠂ ᠳᠤᠮᠳᠠ ᠲᠣᠮᠣ ᠬᠡᠯᠪᠡᠷᠢ ᠶᠢᠨ | ᠰᠡᠯᠪᠢᠨ ᠵᠠᠰᠠᠬᠤ᠂ ᠰᠢᠢᠳᠪᠦᠷᠢᠯᠡᠵᠦ ᠰᠡᠯᠪᠢᠨ ᠵᠠᠰᠠᠬᠤ ᠵᠡᠷᠭᠡ ᠠᠵᠢᠯ ᠢ ᠡᠭᠦᠷᠭᠡᠯᠡᠨ᠎ᠡ᠃ | ︵ᠲᠠᠪᠤ︶ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠯᠪᠠᠯᠠᠬᠤ ᠣᠷᠣᠨ ᠪᠦᠰᠡ᠂ | ᠭᠠᠵᠠᠷ ᠤᠨ ᠲᠠᠰ ᠤᠨ ᠺᠠᠳ᠋ᠷ ᠤᠨ ᠡᠷᠭᠢᠯᠲᠡ ᠶᠢᠨ ᠣᠷᠣᠨ ᠰᠠᠭᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | | ︵ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠨᠢᠭᠡᠴᠢ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ | ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ | ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ᠂ ᠳᠠᠩᠰᠠ ᠡᠪᠬᠡᠮᠡᠯ᠂ ᠲᠣᠭᠲᠠᠮᠠᠯ ᠡᠳ᠋ ᠬᠥᠷᠥᠩᠭᠡ᠂ ᠺᠠᠳ᠋ᠷ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ | ᠬᠤᠳᠠᠯᠳᠤᠨ ᠠᠪᠬᠤ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ | ᠬᠥᠮᠦᠰ ᠤᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ | ︵ᠬᠤᠶᠠᠷ︶ ᠠᠲᠠᠯ᠎ᠠ ᠠᠬᠤᠢ ᠶᠢᠨ ᠪᠠᠲᠤᠯᠠᠭᠠᠨ ᠤ ᠠᠯᠪᠠᠨ ᠭᠡᠷ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠠᠯᠪᠠᠨ ᠠᠰᠠᠷ᠂ ᠬᠤᠰᠢᠭᠤᠨ ᠤ | ᠰᠢᠭᠤᠳ ᠬᠠᠷᠢᠶ᠎ᠠ ᠰᠠᠯᠠᠭ᠎ᠠ ᠮᠥᠴᠢᠷ᠂ ᠭᠠᠵᠠᠷ ᠤᠨ ᠲᠠᠰ ᠤᠨ ᠺᠠᠳ᠋ᠷ ᠤᠨ ᠡᠷᠭᠢᠯᠲᠡ ᠶᠢᠨ ᠣᠷᠣᠨ ᠰᠠᠭᠤᠴᠠ ᠶᠢᠨ ᠠᠳᠠᠯ ᠠᠬᠤᠶ ᠶᠢᠨ ᠦᠢᠯᠡᠴᠢᠯᠡᠭᠡ ᠵᠢᠴᠢ | ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ | ︵ᠭᠤᠷᠪᠠ︶ ᠬᠡᠷᠡᠭ ᠶᠠᠪᠤᠳᠠᠯ ᠢ ᠪᠠᠲᠤᠯᠠᠬᠤ ᠠᠯᠪᠠᠨ ᠭᠡᠷ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠠᠯᠪᠠᠨ ᠠᠰᠠᠷ᠂ ᠬᠤᠰᠢᠭᠤᠨ ᠤ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ | ᠬᠤᠷᠠᠯ ᠤᠨ ᠬᠡᠷ ᠤᠨ ᠦᠢᠯᠡᠴᠢᠯᠡᠭᠡ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠢ ᠰᠡᠯᠪᠢᠨ ᠵᠠᠰᠠᠵᠤ ᠬᠠᠮᠠᠭᠠᠯᠠᠬᠤ᠂ ᠭᠠᠯ ᠤᠨᠲᠠᠷᠠᠭᠠᠬᠤ ᠵᠢᠴᠢ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ︔ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ | ᠬᠠᠷᠢᠯᠴᠠᠬᠤ ᠵᠡᠷᠭᠡ ᠠᠵᠢᠯ ᠢ ᠬᠠᠷᠢᠭᠤᠴᠠᠨ᠎ᠠ᠃ | ︵ᠲᠦᠷᠪᠡ︶ ᠮᠠᠰᠢᠨ ᠲᠡᠷᠭᠡ ᠲᠤᠬᠢᠷᠠᠬᠤᠯᠬᠤ ᠠᠯᠪᠠᠨ ᠭᠡᠷ᠃ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ ᠪᠠ ᠠᠵᠢᠯ ᠦᠢᠯᠡᠰ ᠤᠨ | ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠵᠢᠴᠢ ᠳᠣᠭᠢᠷᠠᠭᠤᠯᠬᠤ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ | ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠢᠨᠡᠳᠬᠡᠬᠦ᠂ ᠳᠣᠭᠢᠷᠠᠭᠤᠯᠬᠤ᠂ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ︔ ᠪᠥᠬᠦ | ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠳᠣᠭᠢᠷᠠᠭᠤᠯᠤᠨ ᠬᠡᠷᠡᠭᠯᠡᠬᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ | ᠲᠠᠪᠴᠠᠩ ᠤᠨ ᠠᠵᠢᠯᠯᠠᠭᠠᠨ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠢᠨᠠᠯᠲᠠ ᠲᠠᠯᠪᠢᠬᠤ ᠤᠲᠠᠰᠤ ᠶᠢ ᠡᠳᠦᠷ ᠲᠤᠲᠤᠮ ᠤᠨ ᠭᠥᠯᠢᠶᠡᠨ ᠠᠪᠴᠤ | ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ︔ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ︔ ᠬᠤᠰᠢᠭᠤᠨ ᠤ ᠠᠯᠪᠠᠨ ᠶᠠᠪᠤᠳᠠᠯ ᠳᠤ | ᠬᠡᠷᠡᠭᠯᠡᠬᠦ ᠲᠡᠷᠭᠡ ᠶᠢ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠢ ᠡᠭᠦᠷᠭᠡᠯᠡᠨ᠎ᠡ᠃ | ︵ᠲᠠᠪᠤ︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠠᠯᠪᠠᠨ ᠭᠡᠷ᠃ ᠪᠥᠬᠦ ᠬᠤᠰᠢᠭᠤᠨ ᠤ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠠᠷᠪᠢᠯᠠᠬᠤ ᠶᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ ᠵᠢᠴᠢ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ︔ ᠡᠨᠧᠷᠭᠢ ᠶᠢᠨ | ᠬᠤᠷᠣᠭᠳᠠᠯ ᠤᠨ ᠲᠤᠭ᠎ᠠ ᠪᠠᠷᠢᠮᠲᠠ ᠶᠢ ᠪᠦᠷᠢᠳᠬᠡᠬᠦ᠂ ᠬᠢᠨᠠᠨ ᠰᠢᠯᠭᠠᠵᠤ ᠦᠨᠡᠯᠡᠬᠦ ᠠᠵᠢᠯ ᠢ ᠥᠷᠨᠢᠭᠦᠯᠦᠨ᠎ᠡ︔ ᠡᠨᠧᠷᠭᠢ ᠠᠷᠪᠢᠯᠠᠬᠤ ᠲᠥᠷᠥᠯ ᠵᠦᠢᠯ᠂ ᠠᠷᠪᠢᠯᠠᠨ | ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ | ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠢ ᠵᠢᠯᠣᠭᠤᠳᠴᠤ ᠪᠠᠶᠢᠭᠠᠳ ᠲᠣᠰ ᠰᠢᠰᠲ᠋ᠧᠮ ᠤᠨ ᠳᠣᠲᠣᠷᠠᠬᠢ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃ | ︵ᠵᠢᠷᠭᠤᠭ᠎ᠠ︶ ᠠᠯᠪᠠᠨ ᠭᠡᠷ ᠤᠨ ᠪᠠᠲᠤᠯᠭ᠎ᠠ ᠶᠢᠨ ᠠᠯᠪᠠᠨ ᠭᠡᠷ᠃ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ᠪᠠ ᠠᠵᠢᠯ ᠦᠢᠯᠡᠰ ᠤᠨ | ᠨᠢᠭᠡᠴᠡ ᠶᠢᠨ ᠠᠯᠪᠠᠨ ᠬᠡᠷ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠶᠡᠭᠡ ᠳᠤᠮᠳᠠ ᠰᠡᠯᠪᠢᠨ ᠵᠠᠰᠠᠬᠤ ᠲᠥᠷᠥᠯ ᠵᠦᠢᠯ ᠢ ᠬᠢᠨᠠᠨ ᠵᠥᠪᠰᠢᠶᠡᠷᠡᠬᠦ᠂ | ᠬᠡᠷᠡᠭᠵᠢᠭᠦᠯᠬᠦ᠂ ᠬᠢᠨᠠᠯᠲᠠ ᠲᠠᠯᠪᠢᠬᠤ ᠪᠠ ᠳᠡᠩᠰᠡᠯᠡᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ | ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠯᠪᠠᠨ ᠬᠡᠷ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠲᠥᠯᠥᠪᠵᠢᠭᠦᠯᠭᠡ᠂ ᠡᠷᠬᠡ ᠶᠢᠨ | ᠬᠠᠷᠢᠶ᠎ᠠ᠂ ᠲᠣᠬᠢᠷᠠᠭᠤᠯᠤᠯᠲᠠ᠂ ᠰᠢᠢᠳᠪᠦᠷᠢᠯᠡᠵᠦ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ︔ |