ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠢ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/10/30
  ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄    ︽ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2022︺ 11 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠰᠠᠳᠠ᠂ ᠬᠤᠰᠢᠭᠤᠨ ᠤ ᠵᠠᠰᠠᠭ ᠤᠨ ᠣᠷᠳᠣᠨ ᠠᠴᠠ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠳᠤᠭᠤᠶᠢᠯᠠᠩ ᠤᠨ ᠳᠠᠷᠤᠭ᠎ᠠ᠄ ᠮᠠ ᠠᠶ ᠹᠸᠢ   ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠸᠠᠩ ᠾᠧ ᠰᠢᠨ   ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ     ᠲᠤ ᠯᠢ ᡁᠢ   ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ    ᠸᠠᠩ ᠸᠧᠨ ᠹᠧᠩ   ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ    ᠪᠦᠷᠢᠯᠳᠦᠬᠦᠨ᠄ ᠪᠦᠦ ᠬᠤᠩ ᠸᠧᠨ   ᠬᠥᠯᠥᠨ ᠪᠤᠶᠢᠷ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ    ᠶᠠᠩ ᠮᠢᠩ ᠴᠦᠨ   ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ    ᠰᠢᠦᠢ ᠬᠠᠨ ᠳ᠋ᠦᠩ   ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ    ᠰᠦᠨ ᠷᠦᠢ ᠯᠢᠶᠠᠩ   ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ    ᠮᠧᠩ ᠯᠢ ᠸᠧᠶ   ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠶᠠᠨ ᠭᠦᠸᠧ ᠵᠦ   ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ    ᠡᠤ ᠯᠢᠶᠠᠩ   ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ    ᠯᠧᠩ ᠴᠦᠨ ᠯᠢᠩ   ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ    ᠯᠢᠦ ᠸᠧᠶ   ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ    ᠤᠳᠤᠷᠢᠳᠬᠤ ᠳᠤᠭᠤᠶᠢᠯᠠᠩ ᠨᠢ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠤᠨ ᠰᠤᠳᠤᠯᠤᠯ ᠪᠣᠯᠤᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠳᠣᠭᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠶᠠᠨ ᠭᠦᠸᠧ ᠵᠦ ᠬᠠᠪᠰᠤᠷᠭᠠᠨ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠬᠤ ᠶᠢ ᠬᠠᠷᠢᠭᠤᠴᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠪᠣᠳᠠᠲᠠᠶᠢᠵᠢᠭᠤᠯᠬᠤ ᠶᠢ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠠᠵᠢᠯ ᠤᠨ ᠶᠠᠰᠤ ᠴᠢᠨᠠᠷ ᠤᠨ ᠡᠵᠡᠮᠳᠡᠯ ᠢ ᠦᠨᠡᠨᠬᠦ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ᠬᠤᠶᠢᠰᠢᠳᠠ᠂ ᠬᠤᠰᠢᠭᠤᠨ ᠤ ᠤᠳᠤᠷᠢᠳᠤᠯᠭ᠎ᠠ ᠠᠴᠠ ᠭᠠᠳᠠᠨ᠎ᠠ᠂ ᠪᠤᠰᠤᠳ ᠪᠦᠷᠢᠯᠳᠦᠬᠦᠨ ᠤ ᠲᠣᠬᠢᠷᠠᠭᠤᠯᠤᠯᠲᠠ ᠶᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠥᠪᠡᠰᠦᠪᠡᠨ ᠳᠣᠭᠢᠷᠠᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃ ᠪᠥᠬᠦ ᠬᠤᠰᠢᠭᠤᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠥᠪᠡᠰᠦᠪᠡᠨ ᠬᠦᠴᠦᠨ ᠥᠬᠡᠶ ᠪᠣᠯᠭᠠᠨ᠎ᠠ᠃    2023 ᠣᠨ ᠤ 2 ᠰᠠᠷ᠎ᠠ ᠶᠢᠨ 10 ᠤ ᠡᠳᠦᠷ   
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ