| | ᠲᠦᠩᠯᠢᠶᠣᠤ ᠬᠤᠲᠠ ︽ᠠᠷᠠᠳ ᠤᠨ ᠶᠠᠪᠤᠳᠠᠯ ᠤᠨ ᠨᠠᠰᠤᠵᠢᠯ ᠤᠨ ᠬᠠᠮ ᠲᠡᠷᠭᠡ︾ ᠶᠢᠨ ᠬᠡᠪ ᠵᠠᠭᠪᠤᠷ ᠢ ᠪᠥᠬᠦ ᠣᠷᠣᠨ ᠳᠤ ᠠᠩᠬ᠎ᠠ ᠡᠭᠦᠳᠴᠦ᠂ ᠬᠥᠳᠡᠭᠡ | ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠬᠦᠴᠢᠷ ᠠᠰᠠᠭᠤᠳᠠᠯ ᠢ ᠰᠢᠢᠳᠪᠦᠷᠢᠯᠡᠪᠡ᠃ ᠲᠣᠰ ᠬᠡᠪ ᠵᠠᠭᠪᠤᠷ ᠨᠢ ᠨᠠᠰᠤᠲᠠᠶᠢᠴᠤᠳ ᠢᠶᠠᠷ ᠭᠤᠤᠯ ᠪᠣᠯᠭᠠᠵᠤ᠂ | ᠦᠢᠯᠡᠴᠢᠯᠡᠭᠡᠨ ᠤ ᠲᠡᠷᠭᠡ ᠬᠥᠰᠬᠡ ᠪᠠᠷ ᠲᠠᠪᠴᠠᠩ ᠤᠨ ᠵᠠᠭᠤᠴᠢ ᠪᠣᠯᠭᠠᠵᠤ᠂ ᠣᠲᠣ ᠶᠢᠨ ᠪᠠᠶᠢᠭ᠎ᠠ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ ᠦᠢᠯᠡᠴᠢᠯᠡᠭᠡᠨ ᠤ | ᠵᠢᠭᠰᠠᠭᠠᠯ ᠤᠨ ᠭᠠᠵᠠᠷ ᠪᠣᠯᠭᠠᠵᠤ᠂ ᠡᠮᠴᠢ᠂ ᠨᠡᠶᠢᠭᠡᠮ ᠤᠨ ᠠᠵᠢᠯᠲᠠᠨ᠂ ᠡᠷᠡᠭᠦᠯ ᠮᠡᠨᠳᠦ ᠶᠢᠨ ᠯᠧᠺᠲ᠋ᠣᠷ ᠵᠡᠷᠭᠡ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ | ᠪᠠᠶᠢᠭᠠᠳ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠥᠳᠡᠭᠡ ᠲᠣᠰᠬᠤᠨ ᠤ ᠨᠠᠰᠤᠲᠠᠶᠢᠴᠤᠳ ᠲᠤ | ᠬᠡᠷ ᠲᠤ ᠨᠢ ᠬᠦᠷᠴᠦ ᠦᠢᠯᠡᠴᠢᠯᠡᠪᠡ᠃ ᠣᠲᠣ ᠪᠣᠯᠲᠠᠯ᠎ᠠ᠂ ︽ᠠᠷᠠᠳ ᠤᠨ ᠶᠠᠪᠤᠳᠠᠯ ᠤᠨ ᠨᠠᠰᠤᠵᠢᠯ ᠤᠨ ᠬᠠᠮ ᠲᠡᠷᠭᠡ︾ ᠬᠥᠳᠡᠭᠡ ᠲᠣᠰᠬᠤᠨ ᠳᠤ ᠬᠡᠷ ᠲᠤ ᠨᠢ | ᠬᠦᠷᠴᠦ ᠦᠢᠯᠡᠴᠢᠯᠡᠭᠰᠡᠨ ᠠᠶᠠᠯᠠᠯ ᠨᠡᠶᠢᠲᠡ 2050 ᠺᠢᠯᠤᠮᠧᠳ᠋ᠷ ᠪᠠᠶᠢᠵᠤ᠂ 72 ᠭᠠᠴᠠᠭ᠎ᠠ ᠲᠣᠰᠬᠤᠨ ᠤ 10440 ᠭᠠᠷᠤᠶ ᠨᠠᠰᠤᠲᠠᠳ ᠲᠤ ᠬᠡᠷ ᠲᠤ ᠨᠢ ᠬᠦᠷᠴᠦ | 5 ᠲᠦᠮᠡ ᠭᠠᠷᠤᠶ ᠤᠳᠠᠭ᠎ᠠ ᠨᠠᠷᠢᠯᠢᠭ ᠣᠨᠤᠪᠴᠢᠲᠠᠢ ᠦᠢᠯᠡᠴᠢᠯᠡᠭᠡ ᠬᠠᠩᠭᠠᠪᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ | | |