| ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠲᠠᠯ᠎ᠠ ᠪᠠᠷ᠂ 1 — 9 ᠳ᠋ᠦ᠋ᠭᠡᠷ ᠰᠠᠷ᠎ᠠ ᠳᠤ᠂ ᠮᠠᠨ ᠤ ᠣᠷᠣᠨ ︽ᠨᠢᠭᠡ ᠪᠦᠰᠡ ᠨᠢᠭᠡ ᠵᠠᠮ︾ ᠳᠠᠭᠠᠤ ᠶᠢᠨ | ᠤᠯᠤᠰ ᠲᠠᠬᠢ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠢ 30 ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 42. | 86% ᠪᠠᠷ ᠨᠡᠮᠡᠭᠳᠡᠨ᠂ ᠪᠥᠬᠦ ᠣᠷᠣᠨ ᠤ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ 81. 08% ᠶᠢ ᠡᠵᠡᠯᠡᠪᠡ᠃ 9 ᠳ᠋ᠦ᠋ᠭᠡᠷ | ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ︽ᠨᠢᠭᠡ ᠪᠦᠰᠡ ᠨᠢᠭᠡ ᠵᠠᠮ︾ ᠳᠠᠭᠠᠤ ᠶᠢᠨ ᠬᠠᠮᠲᠤ ᠪᠠᠷ ᠪᠠᠶᠢᠭᠤᠯᠬᠤ 28 ᠤᠯᠤᠰ ᠲᠤ ᠣᠲᠣ ᠪᠠᠶᠢᠭ᠎ᠠ | ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ 401 ᠪᠠᠶᠢᠵᠤ᠂ ᠪᠥᠬᠦ ᠣᠷᠣᠨ ᠤ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ | ᠠᠬᠤᠶᠢᠯᠠᠯ ᠤᠨ 74.81% ᠶᠢ ᠡᠵᠡᠯᠡᠵᠦ᠂ ᠳᠤᠮᠳᠠᠳᠤ ᠶᠢᠨ ᠲᠠᠯ᠎ᠠ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ 37.25 ᠳ᠋ᠦᠩᠰᠢᠭᠤᠷ ᠳ᠋ᠣᠯᠯᠠᠷ ᠲᠤ | ᠬᠦᠷᠴᠦ᠂ ᠪᠥᠭᠡᠮ ᠢᠶᠠᠷ ᠬᠤᠳᠠᠯᠳᠤᠬᠤ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ ᠣᠶ ᠰᠢᠭᠤᠢ ᠮᠠᠯ ᠠᠵᠤ ᠠᠬᠤᠶ ᠵᠢᠭᠠᠰᠤᠨ ᠠᠵᠤ ᠠᠬᠤᠶ ᠵᠡᠷᠭᠡ | ᠠᠵᠢᠯ ᠲᠥᠷᠥᠯ ᠳᠤ ᠲᠥᠪᠯᠡᠷᠡᠭᠦᠯᠦᠨ ᠪᠡᠯᠡ ᠤᠷᠤᠭᠤᠯᠵᠦ ᠪᠤᠢ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠲᠠᠯ᠎ᠠ ᠪᠠᠷ᠂ 1 — 9 | ᠳ᠋ᠦ᠋ᠭᠡᠷ ᠰᠠᠷ᠎ᠠ ᠳᠤ᠂ ︽ᠨᠢᠭᠡ ᠪᠦᠰᠡ ᠨᠢᠭᠡ ᠵᠠᠮ︾ ᠳᠠᠭᠠᠤ ᠶᠢᠨ ᠪᠡᠯᠡ ᠣᠷᠣᠭᠤᠯᠤᠭᠴᠢᠳ ᠮᠠᠨ ᠤ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠢ 11 ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 83.33% ᠪᠠᠷ ᠨᠡᠮᠡᠭᠳᠡᠵᠦ᠂ ᠲᠡᠦᠬᠡ ᠶᠢᠨ ᠠᠳᠠᠯᠢ | ᠬᠤᠭᠤᠴᠠᠭᠠᠨ ᠤ ᠬᠠᠮᠤᠭ ᠤᠨ ᠥᠨᠳᠥᠷ ᠣᠷᠭᠢᠯ ᠬᠡᠮᠵᠢᠭᠳᠡᠯ ᠳᠤ ᠬᠦᠷᠴᠦ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠤᠭᠰᠠᠨ ᠠᠵᠤ ᠠᠬᠤᠶᠢᠯᠠᠯ ᠤᠨ 35.48% ᠶᠢ ᠡᠵᠡᠯᠡᠪᠡ᠃ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ︽ᠨᠢᠭᠡ ᠪᠦᠰᠡ ᠨᠢᠭᠡ ᠵᠠᠮ︾ | ᠳᠠᠭᠠᠤ ᠶᠢᠨ ᠬᠠᠮᠲᠤ ᠪᠠᠷ ᠪᠠᠶᠢᠭᠤᠯᠬᠤ 20 ᠤᠯᠤᠰ ᠠᠴᠠ ᠮᠠᠨ ᠤ ᠣᠷᠣᠨ ᠳᠤ ᠰᠢᠭᠤᠳ ᠪᠡᠯᠡ ᠣᠷᠣᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠢ 134 ᠪᠠᠶᠢᠭᠤᠯᠵᠤ᠂ ᠭᠠᠳᠠᠭᠠᠳᠤ ᠶᠢᠨ ᠲᠠᠯ᠎ᠠ ᠶᠢᠨ ᠬᠢᠨ ᠤ ᠳᠠᠩᠰᠠᠯᠠᠭᠤᠯᠤᠭᠰᠠᠨ ᠬᠦᠷᠦᠩᠭᠡ 13. 35 ᠳ᠋ᠦᠩᠰᠢᠭᠤᠷ | ᠳ᠋ᠣᠯᠯᠠᠷ ᠲᠤ ᠬᠦᠷᠴᠦ᠂ ᠬᠢᠯᠢ ᠠᠯᠤᠰᠯᠠᠭᠰᠠᠨ ᠤᠷᠤᠭᠤᠯᠤᠯᠲᠠ ᠨᠡᠶᠢᠲᠡ 7.62 ᠳ᠋ᠦᠩᠰᠢᠭᠤᠷ ᠳ᠋ᠣᠯᠯᠠᠷ ᠲᠤ ᠬᠦᠷᠴᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠢ ᠵᠢᠴᠢ ᠲᠡᠭᠦᠨ ᠤ ᠦᠢᠯᠡᠴᠢᠯᠡᠭᠡᠨ ᠤ | ᠦᠢᠯᠡᠰ᠂ ᠢᠳᠡᠭᠡᠨ ᠤᠮᠳᠠᠭᠠᠨ ᠬᠤᠳᠠᠯᠳᠤᠭᠠᠨ ᠤ ᠶᠠᠪᠤᠳᠠᠯ ᠰᠣᠶᠣᠯ ᠵᠠᠭᠤᠴᠢᠯᠠᠭᠤᠷ ᠤᠨ ᠦᠢᠯᠡᠴᠢᠯᠡᠭᠡᠨ ᠤ ᠦᠢᠯᠡᠰ ᠵᠡᠷᠭᠡ ᠠᠵᠢᠯ ᠲᠥᠷᠥᠯ ᠳᠤ ᠲᠥᠪᠯᠡᠷᠡᠭᠦᠯᠦᠨ | ᠪᠡᠯᠡ ᠣᠷᠣᠭᠤᠯᠪᠠ᠃ ︵ᠳᠤᠮᠳᠠᠳᠤ ᠤᠯᠤᠰ ᠤᠨ ᠠᠷᠠᠳ ᠤᠨ ᠪᠠᠩᠬᠢ︶ |