| | ᠨᠢᠭᠡ ᠳᠤ᠂ ᠮᠥᠰᠥ ᠴᠠᠰᠤᠨ ᠤ ᠤᠷᠤᠯᠳᠤᠭᠠᠨ ᠤ ᠨᠡᠷᠡᠲᠦ ᠲᠡᠮᠳᠡᠭ ᠢ ᠡᠭᠦᠳᠦᠨ᠎ᠡ᠃ 11 ᠳ᠋ᠦ᠋ᠭᠡᠷ ᠰᠠᠷ᠎ᠠ ᠠᠴᠠ ᠡᠬᠢᠯᠡᠨ ᠡᠪᠦᠯ ᠤᠨ ᠤᠯᠠᠷᠢᠯ ᠤᠨ ᠪᠠᠭᠠᠲᠤᠷ ᠤᠨ | ᠴᠤᠭᠯᠠᠭᠠᠨ ᠤ ᠭᠤᠤᠯᠳᠠᠯᠭ᠎ᠠ ᠪᠣᠯᠬᠤ ᠤᠷᠤᠯᠳᠤᠭᠠᠨ ᠤ 16 ᠠᠵᠢᠯᠯᠠᠭ᠎ᠠ ᠶᠢ ᠵᠠᠯᠭᠠᠭ᠎ᠠ ᠪᠠᠷ ᠡᠷᠬᠢᠯᠡᠵᠦ᠂ ︽ᠮᠥᠰᠥ ᠴᠠᠰᠤᠨ ᠤ ᠨᠠᠭᠠᠳᠤᠮ ᠢᠶᠠᠷ ᠠᠷᠠᠳ ᠲᠤ ᠠᠰᠢᠭ | ᠬᠦᠷᠲᠡᠭᠡᠬᠦ︾ ᠰᠢᠷᠢᠰ ᠠᠵᠢᠯᠯᠠᠭ᠎ᠠ ᠶᠢ 35 ᠵᠦᠢᠯ᠂ ᠮᠥᠰᠥ ᠴᠠᠰᠤᠨ ᠤ ᠲᠥᠷᠥᠯ ᠤᠨ ᠤᠷᠤᠯᠳᠤᠭᠠᠨ ᠤ ᠠᠵᠢᠯᠯᠠᠭ᠎ᠠ ᠶᠢ 300 ᠭᠠᠷᠤᠶ ᠤᠳᠠᠭ᠎ᠠ ᠥᠷᠨᠢᠭᠦᠯᠬᠦ ᠪᠠᠷ | ᠲᠥᠯᠥᠪᠯᠡᠵᠦ ᠪᠠᠶᠢᠨ᠎ᠠ︔ ︽ᠠᠶ᠎ᠠ ᠳᠠᠭᠤᠤ ᠲᠠᠢ ᠵᠢᠭᠤᠯᠴᠢᠯᠠᠬᠤ ᠥᠪᠥᠷ ᠮᠣᠩᠭᠤᠯ · ᠬᠥᠯᠥᠨ ᠪᠤᠶᠢᠷ ᠤᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠦᠳᠡᠰᠢᠯᠡᠭᠡ | ︾ ᠶᠢᠨ ᠰᠣᠶᠣᠯ ᠤᠨ IP ᠵᠢᠭᠰᠠᠭᠠᠯ ᠢ ᠡᠭᠦᠳᠴᠦ᠂ 5 ᠲᠥᠷᠥᠯ ᠤᠨ ᠳᠠᠭᠤᠤ ᠬᠥᠭᠵᠢᠮ ᠤᠨ ᠴᠤᠭᠯᠠᠭᠠᠨ ᠤ ᠭᠤᠣᠯ ᠰᠡᠳᠦᠪᠲᠦ ᠠᠵᠢᠯᠯᠠᠭ᠎ᠠ ᠶᠢ ᠦᠷᠨᠢᠭᠦᠯᠦᠨ᠎ᠡ᠃ | ᠬᠤᠶᠠᠷ ᠲᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠎ᠠ᠃ ᠮᠥᠰᠥᠨ ᠳᠤ ᠲᠡᠰᠢᠬᠦ | ᠂ ᠴᠠᠰᠤᠨ ᠳᠤ ᠭᠤᠯᠭᠤᠬᠤ ᠵᠡᠷᠭᠡ ᠲᠠᠯᠠᠪᠤᠷ ᠭᠠᠵᠠᠷ ᠤᠨ ᠡᠬᠢ ᠪᠠᠶᠠᠯᠢᠭ ᠲᠤ ᠪᠠᠨ ᠲᠦᠰᠢᠭᠯᠡᠨ᠂ ᠴᠠᠰᠤᠨ ᠳᠤ ᠭᠤᠯᠭᠤᠵᠤ ᠠᠮᠠᠷᠠᠯᠲᠠ ᠪᠠᠨ ᠦᠩᠭᠡᠷᠡᠭᠦᠯᠬᠦ᠂ | ᠴᠠᠰᠦ ᠲᠠᠢ ᠭᠠᠵᠠᠷ ᠲᠤ ᠮᠠᠰᠢᠨ ᠲᠡᠷᠭᠡ ᠲᠤᠷᠰᠢᠨ ᠵᠢᠯᠣᠭᠤᠳᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠣᠯᠭᠠᠨ᠎ᠠ︔ ᠠᠮᠲᠠᠲᠤ ᠢᠳᠡᠭᠡᠨ ᠪᠠ | ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠢ ᠶᠡᠭᠡ ᠪᠠᠷ ᠨᠡᠭᠡᠭᠡᠨ ᠬᠥᠭᠵᠢᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ 10 ᠵᠠᠮ | ᠱᠤᠭᠤᠮ᠂ ᠵᠢᠭᠤᠯᠴᠢᠯᠠᠯ ᠤᠨ 10 ᠵᠢᠷᠤᠭ ᠰᠡᠭᠦᠳᠡᠷᠯᠡᠬᠦ ᠰᠠᠭᠤᠷᠢᠨ ᠭᠠᠵᠠᠷ ᠢ ᠭᠠᠷᠭᠠᠵᠤ᠂ ᠭᠡᠭᠡᠨ ᠭᠤᠣᠯ ᠳᠠᠬᠢ ᠬᠦᠢᠲᠡᠨ ᠤ ᠲᠦᠢᠯ ᠪᠣᠯᠬᠤ ᠲᠣᠰᠬᠤᠨ ᠵᠡᠷᠭᠡ | ᠣᠨᠴᠠᠯᠢᠭᠲᠤ ᠠᠷᠠᠳ ᠤᠨ ᠭᠡᠷ ᠪᠠᠭᠤᠳᠠᠯ ᠤᠨ ᠪᠡᠶᠡᠴᠢᠯᠡᠨ ᠤᠶᠢᠯᠠᠭᠠᠬᠤ ᠶᠢ ᠴᠤᠭᠴᠠᠯᠠᠨ᠎ᠠ᠃ ᠭᠤᠷᠪᠠ ᠳᠤ᠂ ᠵᠢᠭᠤᠯᠴᠢᠯᠠᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ G331᠂ G10᠂ G332᠂ S204 ᠵᠠᠮ | ᠱᠤᠭᠤᠮ ᠳᠠᠭᠠᠤ ᠶᠢᠨ ᠤᠮᠠᠷᠠᠲᠤ ᠬᠢᠯᠢ ᠶᠢᠨ ᠰᠣᠶᠣᠯ ᠵᠢᠭᠤᠯᠴᠢᠯᠠᠯ ᠤᠨ 11 e ᠥᠷᠲᠡᠭᠡ ᠳᠤ ᠭᠦᠸᠧᠯᠦ ᠨᠡᠮᠡᠵᠦ ᠪᠠᠶᠢᠭᠤᠯᠬᠤ ᠪᠠ ᠳᠤᠯᠠᠭᠠᠯᠠᠭ᠎ᠠ ᠶᠢ ᠬᠠᠮᠠᠭᠠᠯᠠᠨ | ᠬᠥᠯᠳᠡᠬᠦ ᠶᠢ ᠰᠡᠷᠭᠡᠶᠢᠯᠡᠬᠦ ᠪᠠᠷ ᠦᠭᠡᠷᠡᠴᠢᠯᠡᠨ ᠪᠠᠶᠢᠭᠤᠯᠬᠤ ᠶᠢ ᠪᠡᠶᠡᠯᠡᠭᠦᠯᠵᠦ᠂ ᠪᠥᠬᠦ ᠤᠯᠠᠷᠢᠯ ᠢᠶᠠᠷ ᠡᠵᠡᠩᠨᠡᠵᠦ ᠪᠣᠯᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ︔ | ᠥᠭᠡᠷᠡᠴᠢᠯᠡᠨ ᠨᠡᠭᠡᠭᠡᠬᠦ ᠲᠠᠯ᠎ᠠ ᠪᠠᠷ ᠤᠯᠠᠷᠢᠯ ᠤᠨ ᠴᠢᠨᠠᠷᠲᠠᠶ᠂ ᠠᠷᠠᠳ ᠲᠤ ᠳᠥᠭᠦᠮ ᠦᠵᠡᠭᠦᠯᠬᠦ᠂ ᠵᠤᠭ᠎ᠠ ᠴᠡᠩᠭᠡᠯ ᠤᠨ ᠴᠢᠨᠠᠷᠲᠠᠶ ᠪᠠᠶᠢᠭᠠᠯᠢᠯᠢᠭ ᠮᠦᠰᠦᠨ ᠳᠤ | ᠲᠠᠰᠢᠬᠦ ᠲᠠᠯᠠᠪᠤᠷ ᠪᠠ ᠴᠠᠰᠤᠨ ᠳᠤ ᠨᠠᠭᠠᠳᠬᠤ ᠲᠠᠯᠠᠪᠤᠷ ᠢ 120 ᠪᠠᠶᠢᠭᠤᠯᠵᠤ᠂ ᠵᠤᠬᠢᠬᠤ ᠪᠠᠭᠠᠵᠢ ᠬᠡᠷᠡᠭᠰᠡᠯ ᠪᠠ ᠦᠢᠯᠡᠴᠢᠯᠡᠭᠡᠨ ᠤ ᠪᠡᠯᠡᠳᠭᠡᠮᠵᠢ ᠶᠢ ᠲᠣᠬᠢᠷᠠᠭᠤᠯᠵᠤ | ᠂ ᠵᠤᠭᠠᠴᠠᠭᠰᠠᠳ ᠤᠨ ᠪᠡᠶᠡᠴᠢᠯᠡᠨ ᠤᠶᠢᠯᠠᠭᠠᠬᠤ ᠳᠤ ᠬᠠᠨᠤᠮᠵᠢᠲᠠᠢ ᠪᠣᠯᠭᠠᠨ᠎ᠠ᠃ ︵ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ︶ | |