ᠣᠷᠳᠣᠰ ᠬᠤᠲᠠ ᠠᠵᠤ ᠦᠢᠯᠡᠳᠪᠦᠷᠢ ᠶᠢᠨ ᠬᠦᠷᠢᠶᠡᠨ ᠳᠠᠬᠢ ᠶᠡᠭᠡ ᠬᠡᠪᠴᠢᠶᠡᠨ ᠤ ᠲᠥᠬᠦᠭᠡᠷᠦᠮᠵᠢ ᠨᠦᠭᠦᠳ ᠢ ᠰᠢᠨᠡᠳᠬᠡᠬᠦ ᠪᠠᠨ ᠪᠥᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2024/10/30
       ᠣᠷᠳᠣᠰ ᠬᠤᠲᠠ ᠠᠵᠤ ᠦᠢᠯᠡᠳᠪᠦᠷᠢ ᠶᠢᠨ ᠬᠦᠷᠢᠶᠡᠨ ᠤ ᠶᠡᠭᠡ ᠬᠡᠪᠴᠢᠶᠡᠨ ᠤ ᠲᠥᠬᠦᠭᠡᠷᠦᠮᠵᠢ ᠨᠦᠭᠦᠳ ᠢ ᠰᠢᠨᠡᠳᠬᠡᠬᠦ ᠪᠠᠨ ᠪᠥᠬᠦ ᠬᠦᠴᠦᠨ ᠢᠶᠠᠷ ᠢᠶᠠᠨ ᠠᠬᠢᠭᠤᠯᠪᠠ᠃ ᠠᠵᠤ ᠦᠢᠯᠡᠳᠪᠦᠷᠢ ᠶᠢᠨ ᠬᠦᠷᠢᠶᠡᠨ ᠤ ᠮᠡᠷᠭᠡᠵᠢᠯ ᠢ ᠥᠭᠡᠷᠡᠴᠢᠯᠡᠨ ᠰᠢᠨᠡᠳᠭᠡᠬᠦ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠪᠦᠬᠦ ᠬᠤᠲᠠ ᠳᠤ ᠨᠡᠶᠢᠲᠡ 30 ᠲᠥᠷᠥᠯ ᠵᠦᠢᠯ ᠢ ᠬᠥᠮᠥᠷᠭᠡ ᠳᠤ ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 41.2 ᠳ᠋ᠦᠩᠰᠢᠭᠤᠷ ᠲᠥᠭᠦᠷᠢᠭ ᠪᠠᠶᠢᠵᠤ᠂ ᠲᠤᠰ ᠵᠢᠯ ᠳᠤ 21.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 8.9 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠪᠠ᠃ ᠨᠦᠬᠦᠴᠡᠯ ᠳᠤ ᠨᠡᠶᠢᠴᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠥᠬᠦᠭᠡᠷᠦᠮᠵᠢ ᠶᠢ ᠰᠢᠨᠡᠳᠭᠡᠬᠦ᠂ ᠡᠷᠬᠢᠯᠳᠦᠬᠦᠯᠦᠨ ᠠᠰᠢᠭᠯᠠᠬᠤ ᠲᠦᠷᠦᠯ ᠵᠦᠢᠯ ᠢ ᠲᠦᠷᠦ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠣᠳᠣ ᠪᠣᠯᠲᠠᠯ᠎ᠠ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠮᠡᠷᠭᠡᠵᠢᠯ ᠢ ᠥᠭᠡᠷᠡᠴᠢᠯᠡᠨ ᠰᠢᠨᠡᠳᠭᠡᠬᠦ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠤᠰᠬᠠᠢ ᠲᠥᠷᠥᠯ ᠤᠨ ᠳᠠᠬᠢᠨᠲᠠ ᠵᠢᠭᠡᠯᠡᠯᠭᠡ ᠲᠠᠯᠪᠢᠭᠰᠠᠨ 3 ᠲᠦᠷᠦᠯ ᠵᠦᠢᠯ ᠨᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠬᠢᠨᠠᠨ ᠬᠠᠷᠭᠤᠭᠤᠯᠤᠯᠲᠠ ᠶᠢ ᠥᠩᠭᠡᠷᠡᠭᠡᠪᠡ︔ 2 ᠲᠥᠷᠥᠯ ᠵᠦᠢᠯ ᠨᠢ 2024 ᠣᠨ ᠤ ᠤᠯᠤᠰ ᠤᠨ ᠬᠡᠳᠦ ᠣᠷᠳᠣ ᠬᠤᠭᠤᠴᠠᠭᠠᠲᠤ ᠣᠨᠴᠠᠭᠠᠢ ᠵᠢᠭᠡᠯᠡᠯᠭᠡ ᠶᠢᠨ ᠪᠠᠯᠠ ᠮᠦᠩᠭᠦᠨ ᠤ ᠳᠡᠮᠵᠢᠯᠭᠡ ᠶᠢ ᠭᠤᠶᠤᠴᠢᠯᠠᠨ ᠮᠡᠳᠡᠭᠦᠯᠪᠡ᠃ ︵ᠣᠷᠳᠣᠰ ᠬᠤᠲᠠ ᠶᠢᠨ ᠵᠠᠰᠠᠭ ᠤᠨ ᠣᠷᠳᠣᠨ︶   
ᠢᠷᠡᠯᠲᠡ᠄ ᠬᠦᠯᠦᠨ ᠪᠤᠢᠷ ᠬᠤᠲᠠ ᠶᠢᠨ ᠵᠠᠰᠠᠭ ᠤᠨ ᠤᠷᠳᠤᠨ