ᠪᠤᠭᠤᠲᠤ ᠬᠤᠲᠠ 2025 ᠣᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ 456 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2024/10/30
    9 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ ᠪᠤᠭᠤᠲᠤ ᠬᠤᠲᠠ 2025 ᠣᠨ ᠤ ᠴᠢᠬᠤᠯᠠ ᠶᠡᠭᠡ ᠲᠥᠷᠥᠯ ᠵᠦᠢᠯ ᠤᠳ ᠢ ᠡᠯᠰᠡᠨ ᠨᠥᠭᠡᠴᠡᠯᠡᠬᠦ ᠠᠵᠢᠯ ᠢᠶᠠᠨ ᠡᠬᠢᠯᠡᠭᠦᠯᠵᠦ᠂ ᠪᠥᠬᠦ ᠬᠤᠲᠠ ᠶᠢᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ 456 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 4748.4 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠢ ᠶᠢᠨ ᠵᠢᠯ ᠳᠤ 1472.4 ᠳ᠋ᠦᠩᠰᠢᠭᠤᠷ ᠲᠥᠭᠦᠷᠢᠭ ᠪᠠᠯᠠ ᠣᠷᠤᠭᠤᠯᠬᠤ ᠪᠠᠷ ᠲᠥᠯᠥᠪᠯᠡᠵᠦ ᠪᠣᠶ᠃ ᠡᠭᠦᠨ ᠳᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ 279᠂ ᠶᠡᠷᠦᠩᠬᠡᠶ ᠪᠠᠯᠠ ᠣᠷᠣᠭᠤᠯᠤᠯᠲᠠ 2781.2 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠶ ᠶᠢᠨ ᠵᠢᠯ ᠳᠤ 1004.4 ᠳ᠋ᠦᠩᠰᠢᠭᠤᠷ ᠲᠥᠭᠦᠷᠢᠭ ᠪᠠᠯᠠ ᠣᠷᠤᠭᠤᠯᠬᠤ ᠪᠠᠷ ᠲᠥᠯᠥᠪᠯᠡᠵᠦ ᠪᠣᠶ᠃ ᠴᠢᠬᠤᠯᠠ ᠶᠡᠭᠡ ᠲᠥᠷᠥᠯ ᠵᠦᠢᠯ ᠤᠳ ᠤᠨ ᠳᠣᠲᠣᠷ᠎ᠠ᠂ ᠲᠥᠷᠥᠯ ᠵᠦᠢᠯ ᠢ ᠨᠢᠭᠡᠨᠲᠡ ᠵᠦᠪᠰᠢᠶᠡᠷᠡᠭᠰᠡᠨ ᠭᠠᠷᠳᠠᠮ ᠢ 317 ᠪᠡᠶᠡᠯᠡᠭᠦᠯᠵᠦ᠂ 69.5% ᠶᠢ ᠡᠵᠡᠯᠡᠪᠡ᠃ ︵ᠪᠤᠭᠤᠲᠤ ᠬᠤᠲᠠ ᠶᠢᠨ ᠵᠠᠰᠠᠭ ᠤᠨ ᠣᠷᠳᠣᠨ︶    
ᠢᠷᠡᠯᠲᠡ᠄ ᠬᠦᠯᠦᠨ ᠪᠤᠢᠷ ᠬᠤᠲᠠ ᠶᠢᠨ ᠵᠠᠰᠠᠭ ᠤᠨ ᠤᠷᠳᠤᠨ