ᠭᠠᠭᠴᠠᠮᠣᠳᠣ ᠬᠢᠯᠢ ᠶᠢᠨ ᠪᠣᠭᠤᠮᠲᠠ ᠨᠢ ᠪᠦᠬᠦ ᠤᠯᠤᠰ ᠲᠠᠬᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠷ 3000 ᠲᠦᠮᠡᠨ ᠲᠣᠨ ᠢ ᠳᠠᠪᠠᠭᠰᠠᠨ ᠬᠠᠭᠤᠷᠠᠢ ᠵᠠᠮ ᠤᠨ ᠠᠩᠬᠠᠳᠠᠭᠴᠢ ᠬᠢᠯᠢ ᠶᠢᠨ ᠪᠣᠭᠤᠮᠲᠠ ᠪᠣᠯᠪᠠ
ᠨᠡᠶᠢᠲᠡᠯᠡᠭᠰᠡᠨ ᠴᠠᠭ᠄
2024/10/30
    1 — 9 ᠳ᠋ᠦ᠋ᠭᠡᠷ ᠰᠠᠷ᠎ᠠ ᠳᠤ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 3087.94 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.39% ᠪᠠᠷ ᠨᠡᠮᠡᠭᠳᠡᠪᠡ᠃ ᠡᠭᠦᠨ ᠳᠤ᠂ ᠭᠠᠳᠠᠭᠠᠳᠣ ᠠᠴᠠ ᠣᠷᠣᠭᠤᠯᠣᠭᠰᠠᠨ ᠨᠡᠭᠦᠷᠡᠰᠦ 2978.74 ᠲᠦᠮᠡᠨ ᠲᠣᠨ᠂ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠵᠦ᠂ ᠭᠠᠳᠠᠭᠠᠳᠣ ᠠᠴᠠ ᠣᠷᠣᠭᠤᠯᠣᠭᠰᠠᠨ ᠵᠡᠰ ᠤᠨ ᠨᠠᠷᠢᠯᠢᠭ ᠨᠤᠨᠳᠠᠭ 72.99 ᠲᠦᠮᠡᠨ ᠲᠣᠨ᠂ ᠠᠳᠠᠯᠢ ᠬᠤᠭᠤᠴᠠᠭᠠᠨ ᠤ ᠬᠢ ᠠᠴᠠ 11.93% ᠪᠠᠷ ᠨᠡᠮᠡᠭᠳᠡᠵᠦ᠂ ᠭᠠᠳᠠᠭᠠᠳᠣ ᠠᠴᠠ ᠣᠷᠣᠭᠤᠯᠣᠭᠰᠠᠨ ᠮᠠᠩᠭᠠᠨ ᠤ ᠬᠦᠳᠡᠷ 0.01 ᠲᠦᠮᠡᠨ ᠲᠣᠨ᠂ ᠠᠳᠠᠯᠢ ᠬᠤᠭᠤᠴᠠᠭᠠᠨ ᠤ ᠬᠢ ᠠᠴᠠ 100% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠪᠠᠷᠠᠭ᠎ᠠ ᠨᠢ 36.2 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.28% ᠪᠠᠷ ᠨᠡᠮᠡᠭᠳᠡᠪᠡ᠃ AGV ᠵᠢᠯᠣᠭᠤᠴᠢ ᠥᠬᠡᠶ ᠲᠡᠭᠡᠭᠡᠪᠦᠷᠢ ᠶᠢᠨ ᠲᠤᠰᠬᠠᠶ ᠨᠡᠪᠲᠡᠷᠡᠬᠦ ᠵᠠᠮ ᠢ ᠪᠥᠬᠦ ᠱᠤᠭᠤᠮ ᠢᠶᠠᠷ ᠨᠡᠪᠲᠡᠷᠡᠭᠦᠯᠵᠦ᠂ 1 — 9 ᠳ᠋ᠦ᠋ᠭᠡᠷ ᠰᠠᠷ᠎ᠠ ᠳᠤ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠨᠡᠶᠢᠲᠡ 233. 41 ᠲᠦᠮᠡᠨ ᠲᠣᠨ ᠪᠠᠶᠢᠵᠤ᠂ ᠲᠡᠭᠡᠭᠡᠪᠦᠷᠢ ᠶᠢᠨ ᠮᠠᠰᠢᠨ ᠢ 35273 ᠤᠳᠠᠭ᠎ᠠ ᠠᠶᠠᠯᠠᠭᠤᠯᠪᠠ᠃ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ︶   
ᠢᠷᠡᠯᠲᠡ᠄ ᠬᠦᠯᠦᠨ ᠪᠤᠢᠷ ᠬᠤᠲᠠ ᠶᠢᠨ ᠵᠠᠰᠠᠭ ᠤᠨ ᠤᠷᠳᠤᠨ