| | ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠦᠬᠦ ᠤᠯᠤᠰ ᠲᠤ ᠤᠤᠯ ᠤᠨ ᠭᠤᠷᠪᠠᠳᠤᠭᠠᠷ ᠳᠡᠰ ᠤᠨ ᠣᠶ ᠰᠢᠭᠤᠶ ᠶᠢᠨ ᠳᠣᠲᠣᠭᠠᠳᠤ ᠶᠢ | ᠬᠠᠮᠠᠭᠠᠯᠠᠬᠤ ᠵᠢᠴᠢ ᠢᠳᠡᠭᠡᠨ ᠪᠠ ᠡᠮ ᠤᠨ ᠵᠦᠢᠯ᠂ ᠣᠷᠴᠢᠨ ᠲᠣᠭᠤᠷᠢᠨ ᠤ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠠᠭ᠎ᠠ ᠮᠥᠴᠢᠷ ᠢ ᠨᠡᠶᠢᠳᠭᠡᠵᠦ᠂ | ᠡᠭᠦᠷᠭᠡ ᠴᠢᠳᠠᠪᠤᠷᠢ ᠶᠢ ᠨᠢ ᠠᠭᠤᠰᠤᠯᠴᠠᠭᠤᠯᠤᠨ᠂ ᠠᠮᠢ ᠠᠬᠤᠶ ᠶᠢᠨ ᠡᠬᠢ ᠪᠠᠶᠠᠯᠢᠭ ᠢᠶᠠᠷ ᠲᠦᠪᠯᠡᠷᠡᠩᠭᠦᠢ᠂ ᠬᠠᠮᠠᠭᠠᠯᠠᠬᠤ ᠡᠭᠦᠷᠭᠡ ᠪᠠᠷ ᠬᠦᠨᠳᠦ ᠪᠠᠶᠢᠭ᠎ᠠ | ᠭᠤᠤᠯᠳᠠᠯᠭ᠎ᠠ ᠲᠠᠢ ᠣᠷᠣᠨ ᠪᠦᠰᠡ ᠳᠤ ᠠᠮᠢ ᠠᠬᠤᠶ ᠶᠢᠨ ᠴᠠᠭᠳᠠᠭᠠᠨ ᠤ ᠶᠠᠪᠤᠳᠠᠯ ᠤᠨ 77 ᠲᠠᠰᠤᠭ ᠢ ᠪᠦᠲᠦᠭᠡᠨ ᠪᠠᠶᠢᠭᠤᠯᠪᠠ᠃ ᠬᠠᠲᠤᠨ ᠭᠤᠤᠯ ᠳᠠᠭᠠᠤ ᠵᠡᠷᠭᠡ | ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ᠪᠦᠰᠡ ᠳᠤ ᠣᠶᠤᠨᠴᠢ ᠮᠡᠳᠡᠷᠡᠮᠵᠢ ᠶᠢᠨ ᠦᠵᠦᠭᠦᠷ ᠢ 2040 ᠪᠠᠶᠢᠭᠤᠯᠵᠤ᠂ ︽ᠪᠦᠷᠢᠨ ᠪᠦᠷᠬᠦᠭᠦᠯᠬᠦ᠂ | ᠦᠵᠡᠭᠳᠡᠬᠦ᠋ᠢᠴᠡ᠂ ᠰᠡᠷᠡᠮᠵᠢᠯᠡᠭᠦᠯᠵᠦ ᠳᠡᠶᠢᠯᠬᠦ︾ ᠠᠮᠢ ᠠᠬᠤᠶ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠰᠢᠨ᠎ᠡ ᠬᠡᠪ ᠵᠠᠭᠪᠤᠷ ᠢ ᠪᠣᠶ ᠪᠣᠯᠭᠠᠪᠠ᠃ ᠡᠨᠡ | ᠵᠢᠯ ᠡᠬᠢᠯᠡᠭᠰᠡᠨ ᠠᠴᠠ ᠨᠠᠭᠠᠰᠢ᠂ ᠪᠥᠬᠦ ᠣᠷᠣᠨ ᠤ ᠬᠠᠲᠤᠨ ᠭᠤᠤᠯ ᠳᠠᠭᠠᠤ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠠᠲᠤᠨ ᠭᠤᠤᠯ ᠤᠨ ᠰᠠᠪᠠ | ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ᠂ ᠣᠷᠴᠢᠨ ᠲᠣᠭᠤᠷᠢᠨ ᠢ ᠪᠣᠬᠢᠷᠲᠤᠭᠤᠯᠬᠤ᠂ ᠬᠠᠤᠯᠢ ᠪᠤᠰᠤ ᠪᠠᠷ ᠠᠭᠤᠷᠬᠠᠶ ᠮᠠᠯᠲᠠᠬᠤ | ᠵᠡᠷᠭᠡ ᠭᠤᠷᠪᠠᠨ ᠶᠡᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠬᠦᠷᠢᠶᠡᠨ ᠳᠠᠬᠢ ᠡᠷᠡᠭᠦᠦ ᠶᠢᠨ | ᠬᠡᠷᠡᠭ ᠢ ᠨᠡᠶᠢᠲᠡ 494 ᠢᠯᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 66% ᠪᠠᠷ ᠨᠡᠮᠡᠭᠳᠡᠪᠡ᠃ ᠬᠠᠤᠯᠢ ᠪᠤᠰᠤ ᠪᠠᠷ ᠤᠰᠤᠨ ᠤ ᠭᠠᠷᠤᠯᠲᠠ ᠶᠢ ᠠᠩᠨᠠᠵᠤ | ᠱᠦᠭᠦᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠰᠤᠨ ᠤ ᠭᠠᠷᠤᠯᠲᠠ ᠶᠢ ᠬᠠᠤᠯᠢ ᠪᠤᠰᠤ ᠪᠠᠷ ᠱᠦᠭᠦᠭᠰᠡᠨ ᠬᠡᠷᠡᠭ ᠢ ᠨᠡᠶᠢᠲᠡ 20 ᠤᠳᠠᠭ᠎ᠠ | ᠢᠯᠡᠷᠡᠭᠦᠯᠵᠦ᠂ ᠡᠨᠡ ᠵᠢᠯ ᠤᠨ ᠬᠠᠲᠤᠨ ᠭᠤᠤᠯ ᠤᠨ ᠳᠡᠭᠡᠳᠦ ᠤᠷᠤᠰᠬᠠᠯ ᠤᠨ ᠭᠤᠤᠯ ᠵᠠᠮ ᠤᠨ ᠪᠥᠬᠦ ᠤᠯᠤᠰ ᠲᠠᠬᠢ ᠠᠩᠬᠠᠳᠠᠭᠴᠢ ᠬᠡᠷᠡᠭ ᠤᠨ ︽4 · 08︾ ᠤ | ᠬᠠᠤᠯᠢ ᠪᠤᠰᠤ ᠪᠠᠷ ᠠᠩᠨᠠᠵᠤ ᠱᠦᠭᠦᠭᠰᠡᠨ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ ᠠᠩᠨᠠᠵᠤ ᠱᠦᠭᠦᠭᠰᠡᠨ ᠵᠢᠭᠠᠰᠤ | 6000 ᠭᠠᠷᠤᠶ ᠵᠢᠩ ᠳᠤ ᠬᠦᠷᠴᠦ᠂ ᠨᠡᠶᠢᠲᠡ 10 ᠲᠦᠮᠡ ᠭᠠᠷᠤᠶ ᠲᠥᠭᠦᠷᠢᠭ ᠠᠷᠠᠯᠵᠢᠶᠠᠯᠠᠭᠰᠠᠨ ᠪᠠᠶᠢᠨ᠎ᠠ᠃ ︵ᠳᠣᠲᠣᠭᠠᠳᠤ ᠶᠢ ᠬᠠᠮᠠᠭᠠᠯᠠᠬᠤ ᠲᠢᠩᠬᠢᠮ︶ | |