| | ᠪᠥᠬᠦ ᠬᠤᠲᠠ ᠳᠤ ︽ᠳᠥᠷᠪᠡᠨ ᠠᠯᠬᠤᠮ ᠤᠨ ᠠᠵᠢᠯ ᠤᠨ ᠠᠷᠭ᠎ᠠ︾ ᠶᠢ ᠳᠡᠯᠭᠡᠷᠡᠭᠦᠯᠪᠡ᠂ ᠲᠤᠬᠠᠶᠢᠯᠠᠪᠠᠯ ᠢᠯᠴᠢ ᠬᠡᠷᠡᠭᠯᠡᠬᠦ ᠡᠷᠦᠬᠡ ᠶᠢ ᠦᠭᠡᠷᠡᠴᠢᠯᠡᠨ | ᠰᠢᠨᠡᠳᠭᠡᠬᠦ ᠦᠶ᠎ᠡ ᠳᠤ᠂ ᠠᠳᠠᠯᠢ ᠪᠤᠰᠤ ᠬᠡᠷᠡᠭᠯᠡᠭᠴᠢ ᠳᠤ ᠴᠢᠭᠯᠡᠭᠦᠯᠦᠨ᠂ ᠨᠢᠭᠡ ᠡᠷᠦᠬᠡ ᠳᠤ ᠨᠢᠭᠡ ᠲᠥᠰᠦᠯ ᠢ ᠲᠣᠭᠲᠠᠭᠠᠵᠤ᠂ ᠳᠥᠷᠪᠡ ᠤᠳᠠᠭ᠎ᠠ ᠬᠡᠷ ᠲᠤ ᠨᠢ | ᠬᠦᠷᠴᠦ ᠣᠯᠠᠨ ᠲᠦᠮᠡᠨ ᠤ ᠰᠠᠨᠠᠯ ᠤᠳ ᠢ ᠬᠤᠷᠢᠶᠠᠵᠤ᠂ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ ᠠᠴᠠ ᠠᠪᠤᠭᠠᠳ ᠬᠡᠷᠡᠭᠯᠡᠭᠴᠢᠳ ᠤᠨ ᠪᠣᠳᠠᠲᠠᠶ ᠣᠶᠢᠯᠠᠭᠠᠯᠲᠠ᠂ | ᠣᠯᠠᠨ ᠲᠦᠮᠡᠨ ᠤ ᠪᠥᠬᠦ ᠶᠠᠪᠤᠴᠠ ᠳᠤ ᠣᠷᠣᠯᠴᠠᠬᠤ ᠬᠦᠷᠲᠡᠯᠡᠬᠢ ᠠᠵᠢᠯ ᠤᠨ ᠬᠡᠪ ᠵᠠᠭᠪᠤᠷ ᠢ ᠪᠣᠶ ᠪᠣᠯᠭᠠᠪᠠ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ 21 | ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠨᠢᠭᠡᠨᠲᠡ ᠪᠦᠬᠦᠨ ᠢ ᠳᠠᠭᠤᠰᠬᠠᠵᠤ᠂ ᠨᠢᠭᠡᠳᠦᠭᠡᠷ ᠳᠡᠰ ᠤᠨ ᠬᠤᠭᠤᠯᠠᠶ ᠭᠤᠤᠷᠰᠤ ᠶᠢᠨ ᠲᠣᠤᠷ ᠢ 20.16 ᠺᠢᠯᠤᠮᠧᠳ᠋ᠷ | ᠂ ᠬᠤᠶᠠᠳᠤᠭᠠᠷ ᠳᠡᠰ ᠤᠨ ᠬᠤᠭᠤᠯᠠᠶ ᠭᠤᠤᠷᠰᠤ ᠶᠢᠨ ᠲᠣᠤᠷ ᠢ 154.98 ᠺᠢᠯᠤᠮᠧᠳ᠋ᠷ ᠥᠭᠡᠷᠡᠴᠢᠯᠡᠨ ᠵᠠᠰᠠᠵᠤ᠂ ᠢᠯᠴᠢ ᠰᠣᠯᠢᠯᠴᠠᠬᠤ 198 ᠥᠷᠲᠡᠭᠡ ᠶᠢ | ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠰᠠᠶᠢᠵᠢᠷᠠᠭᠤᠯᠵᠤ᠂ ᠢᠯᠴᠢ ᠬᠡᠷᠡᠭᠯᠡᠬᠦ 11341 ᠡᠷᠦᠬᠡ ᠶᠢ ᠦᠭᠡᠷᠡᠴᠢᠯᠡᠨ ᠰᠢᠨᠡᠳᠭᠡᠪᠡ᠃ ᠡᠭᠦᠨ ᠤ ᠬᠠᠮᠲᠤ᠂ | ᠬᠤᠲᠠ ᠶᠢᠨ ᠳᠤᠮᠳᠠᠬᠢ ᠪᠠ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠲᠠᠬᠢ ᠤᠤᠯ ᠳᠤ ᠪᠠᠨ ᠰᠤᠯᠠ ᠨᠡᠭᠦᠷᠡᠰᠦ ᠪᠠᠷ ᠳᠤᠯᠠᠭᠠᠯᠠᠭ᠎ᠠ ᠠᠪᠴᠤ ᠪᠠᠶᠢᠭᠰᠠᠨ 1.62 | ᠲᠦᠮᠡᠨ ᠡᠷᠦᠬᠡ ᠰᠠᠭᠤᠭᠠᠯᠢ ᠠᠷᠠᠳ ᠢ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠬᠡᠪᠴᠢᠶᠡᠨ ᠳᠤ ᠣᠷᠣᠭᠤᠯᠪᠠ︔ ᠳᠤᠯᠠᠭᠠᠯᠠᠭ᠎ᠠ ᠶᠢᠨ | ᠢᠨᠵᠧᠨᠧᠷᠢᠩ ᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠦᠷᠭᠡᠳᠬᠡᠵᠦ᠂ 14.36 ᠲᠦᠮᠡᠨ ᠬᠦᠳᠡᠭᠡ ᠲᠤᠰᠬᠤᠨ ᠤ ᠠᠶᠢᠯ ᠡᠷᠦᠬᠡ ᠶᠢᠨ ᠨᠡᠭᠦᠷᠡᠰᠦ ᠬᠡᠷᠡᠭᠯᠡᠵᠦ | ᠪᠠᠶᠢᠭᠰᠠᠨ ᠠᠴᠠ ᠨᠢ ᠴᠠᠬᠢᠯᠭᠠᠨ ᠬᠡᠷᠡᠭᠯᠡᠬᠦ ᠪᠣᠯᠭᠠᠨ ᠦᠭᠡᠷᠡᠴᠢᠯᠡᠬᠦ ᠶᠢ ᠪᠡᠶᠡᠯᠡᠭᠦᠯᠪᠡ᠃ ︵ᠪᠠᠶᠠᠨᠨᠠᠭᠤᠷ ᠬᠤᠲᠠ ᠶᠢᠨ ᠵᠠᠰᠠᠭ ᠤᠨ ᠣᠷᠳᠤᠨ︶ | | |