| | ᠪᠥᠬᠦ ᠣᠷᠣᠨ ᠤ ᠪᠥᠬᠦ ᠨᠡᠶᠢᠭᠡᠮ ᠤᠨ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ︵ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠯᠦᠭᠡ ᠶᠢᠨ ᠬᠠᠷᠢᠴᠠᠯ︶ ᠨᠢ 0.93% ᠪᠠᠶᠢᠵᠤ᠂ 2022 ᠣᠨ ᠤ ᠬᠢ ᠠᠴᠠ 0.03 ᠵᠠᠭᠤᠨ ᠤ | ᠴᠡᠭ ᠢᠶᠠᠷ ᠳᠡᠭᠡᠭᠰᠢᠯᠡᠪᠡ᠃ ᠮᠠᠨ ᠤ ᠣᠷᠣᠨ ᠤ ᠪᠥᠬᠦ ᠨᠡᠶᠢᠭᠡᠮ ᠤᠨ R&D ᠤᠨ ᠵᠠᠷᠤᠳᠠᠯ ᠤᠨ ᠶᠡᠷᠦᠩᠬᠡᠢ ᠬᠡᠮᠵᠢᠶ᠎ᠡ ᠪᠥᠬᠦ ᠤᠯᠤᠰ ᠲᠤ ᠬᠤᠷᠢᠨ ᠬᠤᠶᠠᠳᠤᠭᠠᠷ ᠲᠤ | ᠪᠠᠶᠢᠷᠢᠯᠠᠵᠤ᠂ ᠳᠡᠭᠡᠷ᠎ᠡ ᠵᠢᠯ ᠤᠨ ᠬᠢ ᠠᠴᠠ 1 ᠤᠷᠤᠨ ᠳᠡᠪᠰᠢᠪᠡ︔ R&D ᠤᠨ ᠵᠠᠷᠤᠳᠠᠯ ᠤᠨ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠬᠢᠷᠢ | ᠲᠦᠪᠰᠢᠨ ᠠᠴᠠ 0.5 ᠵᠠᠭᠤᠨ ᠤ ᠴᠡᠭ ᠥᠨᠳᠥᠷ ᠪᠠᠶᠢᠵᠤ᠂ ᠨᠢᠭᠡᠨᠲᠡ 3 ᠵᠢᠯ ᠳᠠᠷᠠᠭᠠᠯᠠᠨ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠤ᠂ | ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠲᠤ ᠠᠷᠪᠠᠨ ᠲᠠᠪᠤᠳᠤᠭᠠᠷ ᠲᠤ ᠪᠠᠶᠢᠷᠢᠯᠠᠵᠤ᠂ ᠲᠦᠷᠦᠭᠦᠤ ᠵᠢᠯ ᠤᠨ ᠬᠢ ᠠᠴᠠ 5 ᠤᠷᠤᠨ ᠳᠡᠭᠡᠭᠰᠢᠯᠡᠪᠡ︔ | R&D ᠤᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠪᠥᠬᠦ ᠤᠯᠤᠰ ᠲᠤ ᠬᠤᠷᠢᠨ ᠳᠤᠯᠤᠳᠤᠭᠠᠷ ᠲᠤ ᠪᠠᠶᠢᠷᠢᠯᠠᠵᠤ᠂ ᠲᠦᠷᠦᠭᠦᠤ ᠵᠢᠯ ᠤᠨ ᠬᠢ ᠯᠦᠭᠡ | ᠲᠡᠩᠴᠡᠭᠦᠦ ᠪᠠᠶᠢᠪᠠ᠃ ᠪᠠᠷᠠᠭᠤᠨ ᠣᠷᠣᠨ ᠤ 12 ᠮᠤᠵᠢ ︵ᠬᠤᠲᠠ︶ ᠶᠢᠨ ᠳᠣᠲᠣᠷ᠎ᠠ᠂ ᠮᠠᠨ ᠤ ᠣᠷᠣᠨ ᠤ R&D ᠤᠨ ᠵᠠᠷᠤᠳᠠᠯ ᠤᠨ ᠶᠡᠷᠦᠩᠬᠡᠢ ᠬᠡᠮᠵᠢᠶ᠎ᠡ ᠵᠢᠴᠢ | R&D ᠤᠨ ᠵᠠᠷᠤᠳᠠᠯ ᠤᠨ ᠨᠡᠮᠡᠭᠳᠡᠯ ᠤᠨ ᠬᠤᠷᠳᠤᠴᠠ ᠴᠥᠮ ᠲᠠᠪᠤᠳᠤᠭᠠᠷ ᠲᠤ ᠪᠠᠶᠢᠷᠢᠯᠠᠵᠤ᠂ R&D ᠤᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠨᠢ | ᠨᠠᠢᠮᠠ ᠳᠤ ᠤᠷᠤᠪᠠ᠃ ᠠᠵᠢᠯᠯᠠᠭ᠎ᠠ ᠶᠢᠨ ᠲᠥᠷᠥᠯ ᠵᠦᠢᠯ ᠢᠶᠠᠷ ᠬᠤᠪᠢᠶᠠᠵᠤ ᠦᠵᠡᠪᠡᠯ᠂ ᠪᠥᠬᠦ ᠣᠷᠣᠨ ᠤ ᠰᠠᠭᠤᠷᠢ ᠰᠤᠳᠤᠯᠭᠠᠨ ᠤ ᠵᠠᠷᠤᠳᠠᠯ 7.6 ᠳ᠋ᠦᠩᠰᠢᠭᠤᠷ | ᠲᠥᠭᠦᠷᠢᠭ ᠪᠠᠶᠢᠵᠦ᠂ ᠳᠡᠭᠡᠷ᠎ᠡ ᠵᠢᠯ ᠤᠨ ᠬᠢ ᠠᠴᠠ 5.6% ᠪᠠᠷ ᠪᠠᠭᠤᠷᠠᠪᠠ︔ ᠬᠡᠷᠡᠭᠯᠡᠭᠡᠨ ᠤ ᠰᠤᠳᠤᠯᠭᠠᠨ ᠤ ᠵᠠᠷᠤᠳᠠᠯ 17 ᠳ᠋ᠦᠩᠰᠢᠭᠤᠷ ᠲᠥᠭᠦᠷᠢᠭ ᠪᠠᠶᠢᠵᠦ᠂ | 1.3% ᠪᠠᠷ ᠨᠡᠮᠡᠭᠳᠡᠪᠡ︔ ᠲᠤᠷᠰᠢᠯᠲᠠ ᠶᠢᠨ ᠬᠦᠭᠵᠢᠯᠲᠡ ᠶᠢᠨ ᠵᠠᠷᠤᠳᠠᠯ 203.5 ᠳ᠋ᠦᠩᠰᠢᠭᠤᠷ ᠪᠠᠶᠢᠵᠦ᠂ 10.2% ᠪᠠᠷ ᠨᠡᠮᠡᠭᠳᠡᠪᠡ᠃ ᠠᠵᠢᠯᠯᠠᠭ᠎ᠠ ᠶᠢᠨ | ᠪᠡᠶᠡᠴᠢ ᠴᠣᠭᠴᠠ ᠪᠠᠷ ᠬᠤᠪᠢᠶᠠᠵᠤ ᠦᠵᠡᠪᠡᠯ᠂ ᠡᠯ᠎ᠡ ᠲᠥᠷᠥᠯ ᠤᠨ ᠠᠵᠤ ᠠᠬᠤᠶᠢᠯᠠᠯ ᠤᠨ R&D ᠤᠨ ᠵᠠᠷᠤᠳᠠᠯ 201.1 ᠳ᠋ᠦᠩᠰᠢᠭᠤᠷ ᠲᠥᠭᠦᠷᠢᠭ ᠪᠠᠶᠢᠵᠦ᠂ | ᠲᠦᠷᠦᠭᠦᠤ ᠵᠢᠯ ᠤᠨ ᠬᠢ ᠠᠴᠠ 10.4% ᠪᠠᠷ ᠨᠡᠮᠡᠭᠳᠡᠪᠡ︔ ᠳᠡᠭᠡᠳᠦ ᠵᠡᠷᠭᠡ ᠶᠢᠨ ᠰᠤᠷᠭᠠᠭᠤᠯᠢ ᠶᠢᠨ R&D ᠤᠨ ᠵᠠᠷᠤᠳᠠᠯ 10.8 ᠳ᠋ᠦᠩᠰᠢᠭᠤᠷ ᠪᠠᠶᠢᠵᠦ᠂ | 25% ᠪᠠᠷ ᠨᠡᠮᠡᠭᠳᠡᠪᠡ︔ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ ᠶᠢᠨ R&D ᠤᠨ ᠵᠠᠷᠤᠳᠠᠯ 11.9 ᠳ᠋ᠦᠩᠰᠢᠭᠤᠷ ᠲᠥᠭᠦᠷᠢᠭ ᠪᠠᠶᠢᠵᠦ | ᠂ 18.1% ᠪᠠᠷ ᠪᠠᠭᠤᠷᠠᠪᠠ᠃ ᠠᠶᠢᠮᠠᠭ ᠬᠤᠲᠠ ᠪᠠᠷ ᠬᠤᠪᠢᠶᠠᠵᠤ ᠦᠵᠡᠪᠡᠯ᠂ R&D ᠤᠨ ᠵᠠᠷᠤᠳᠠᠯ ᠤᠨ ᠡᠮᠦᠨ᠎ᠡ ᠵᠢᠭᠰᠠᠭᠠᠭᠳᠠᠭᠰᠠᠨ ᠭᠤᠷᠪᠠ ᠳᠤ ᠪᠤᠭᠤᠲᠤ | ᠬᠤᠲᠠ ︵82.4 ᠳ᠋ᠦᠩᠰᠢᠭᠤᠷ ᠲᠥᠭᠦᠷᠢᠭ︶᠂ ᠣᠷᠳᠣᠰ ᠬᠤᠲᠠ ︵53.2 ᠳ᠋ᠦᠩᠰᠢᠭᠤᠷ ᠲᠥᠭᠦᠷᠢᠭ︶ ᠪᠠ ᠬᠥᠬᠡᠬᠤᠲᠠ ︵45.9 ᠳ᠋ᠦᠩᠰᠢᠭᠤᠷ ᠲᠥᠭᠦᠷᠢᠭ︶ | ᠪᠤᠢ᠃ R&D ᠤᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠠᠪᠠᠭᠰᠠᠨ ᠠᠶᠢᠮᠠᠭ ᠬᠤᠲᠠ 3 | ᠪᠠᠶᠢᠵᠤ᠂ ᠲᠣᠰ ᠲᠣᠰ ᠪᠤᠭᠤᠲᠤ ᠬᠤᠲᠠ ︵1.93%︶᠂ ᠬᠥᠬᠡᠬᠤᠲᠠ ︵1.21%︶ ᠪᠠ ᠦᠬᠠᠢ ᠬᠤᠲᠠ ︵1.12%︶ ᠪᠣᠯᠣᠨ᠎ᠠ᠃ ︵ᠲᠤᠭ᠎ᠠ | ᠪᠦᠷᠢᠳᠬᠡᠯ ᠤᠨ ᠲᠣᠪᠴᠢᠶ᠎ᠠ︶ | | |