| | 1 — 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ ᠨᠡᠶᠢᠲᠡ 183.7 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ | ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24.8 ᠳ᠋ᠦᠩᠰᠢᠭᠤᠷ ᠲᠥᠭᠦᠷᠢᠭ ᠨᠡᠮᠡᠭᠳᠡᠨ᠂ 15.6% ᠪᠠᠷ ᠨᠡᠮᠡᠭᠳᠡᠪᠡ︔ ᠡᠵᠡᠩᠨᠡᠯᠲᠡ ᠶᠢᠨ | ᠴᠢᠨᠠᠷᠲᠠᠢ ᠠᠰᠢᠭ ᠬᠤᠨᠵᠢᠪᠤᠷᠢ ᠶᠢ 10.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.3 ᠳ᠋ᠦᠩᠰᠢᠭᠤᠷ ᠲᠥᠭᠦᠷᠢᠭ ᠨᠡᠮᠡᠭᠳᠡᠨ | ᠂ 421% ᠪᠠᠷ ᠨᠡᠮᠡᠭᠳᠡᠪᠡ︔ ᠳᠡᠭᠡᠭᠰᠢ ᠲᠤᠰᠢᠶᠠᠭᠰᠠᠨ ᠭᠠᠶᠢᠯᠢ ᠰᠦᠢᠳᠬᠡᠯ 21.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 5.9 ᠳ᠋ᠦᠩᠰᠢᠭᠤᠷ ᠲᠥᠭᠦᠷᠢᠭ ᠨᠡᠮᠡᠭᠳᠡᠨ᠂ 37.6% ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 460.7 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 110.5 ᠳ᠋ᠦᠩᠰᠢᠭᠤᠷ ᠺᠢᠯᠣᠸᠠᠲ ᠴᠠᠭ ᠨᠡᠮᠡᠭᠳᠡᠨ᠂ 31.6% ᠪᠠᠷ ᠨᠡᠮᠡᠭᠳᠡᠪᠡ︔ ᠢᠯᠴᠢ ᠬᠠᠩᠭᠠᠭᠰᠠᠨ | ᠬᠡᠮᠵᠢᠶ᠎ᠡ ᠶᠢ 2358.7 ᠲᠦᠮᠡᠨ ᠵᠢᠢ ᠵᠢᠶᠣᠣ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 522.8 ᠲᠦᠮᠡᠨ ᠵᠢᠢ ᠵᠢᠶᠣᠣ ᠨᠡᠮᠡᠭᠳᠡᠨ᠂ 28.5% ᠪᠠᠷ | ᠨᠡᠮᠡᠭᠳᠡᠪᠡ︔ ᠨᠡᠭᠦᠷᠡᠰᠦᠨ ᠤ ᠪᠣᠷᠤᠯᠠᠭᠤᠯᠭ᠎ᠠ ᠶᠢᠨ ᠬᠡᠮᠵᠢᠶ᠎ᠡ ᠶᠢ 670.6 ᠲᠦᠮᠡᠨ ᠲᠣᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 228.5 ᠲᠦᠮᠡᠨ | ᠲᠣᠨ ᠨᠡᠮᠡᠭᠳᠡᠨ᠂ 51.7% ᠪᠠᠷ ᠨᠡᠮᠡᠭᠳᠡᠪᠡ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠺᠣᠮᠫᠠᠨᠢ ᠶᠢᠨ ᠪᠡᠯᠡ ᠬᠥᠷᠥᠩᠭᠡ ᠶᠢᠨ ᠪᠥᠬᠦ ᠲᠤᠭ᠎ᠠ 1305.1 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 398.8 ᠳ᠋ᠦᠩᠰᠢᠭᠤᠷ ᠲᠥᠭᠦᠷᠢᠭ ᠨᠡᠮᠡᠭᠳᠡᠨ᠂ 44% ᠪᠠᠷ ᠨᠡᠮᠡᠭᠳᠡᠪᠡ᠃ ︵ | ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ︶ |