ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠨᠢᠭᠡᠴᠢ ᠲᠠᠯᠠᠪᠠᠶ ᠶᠢᠨ ᠤᠨᠠᠯᠲᠠ ᠳᠠᠬᠢᠨᠲᠠ ᠰᠢᠨ᠎ᠡ ᠲᠡᠮᠳᠡᠭᠯᠡᠯ ᠡᠭᠦᠳᠪᠡ ᠮᠦ ᠪᠦᠷᠢ ᠶᠢᠨ ᠤᠨᠠᠯᠲᠠ 785.9 ᠺᠢᠯᠣᠭ᠍ᠷᠠᠮ ᠳᠤ ᠬᠦᠷᠪᠡ
ᠨᠡᠶᠢᠲᠡᠯᠡᠭᠰᠡᠨ ᠴᠠᠭ᠄
2024/10/30
      ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠬᠢᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠮᠡᠷᠭᠡᠵᠢᠯ ᠢ ᠬᠤᠷᠠᠮᠳᠤᠭᠤᠯᠵᠤ᠂ ᠨᠢᠭᠡ ᠪᠦᠯᠦᠭ ᠨᠡᠶᠢᠲᠡᠯᠢᠭ ᠲᠠᠷᠢᠮᠠᠯ ᠤᠨ ᠬᠡᠪ ᠵᠠᠭᠪᠤᠷ ᠢ ᠡᠭᠦᠳᠴᠦ᠂ ᠪᠦᠬᠦ ᠠᠶᠢᠮᠠᠭ ᠤᠨ ᠭᠤᠣᠯ ᠪᠣᠯᠬᠤ ᠠᠮᠤ ᠳᠤᠰᠤᠨ ᠤ ᠲᠠᠷᠢᠮᠠᠯ ᠤᠨ ᠭᠠᠷᠤᠯᠲᠠ ᠶᠢ ᠶᠡᠭᠡ ᠬᠡᠪᠴᠢᠶ᠎ᠡ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠳᠠᠶᠢᠴᠢᠯᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠳ ᠠᠴᠠ ᠭᠠᠷᠤᠯᠲᠠ ᠶᠢ ᠨᠢ ᠬᠡᠮᠵᠢᠬᠦ ᠪᠠᠷ ᠳᠡᠮᠵᠢᠨ᠂ ᠵᠠᠯᠠᠶᠢᠳ ᠬᠤᠰᠢᠭᠤᠨ ᠤ ᠠᠮᠤ ᠲᠣᠰᠣᠨ ᠤ ᠬᠡᠪᠴᠢᠶᠡᠵᠢᠭᠰᠡᠨ ᠲᠠᠷᠢᠮᠠᠯ ᠤᠨ ᠭᠤᠣᠯ ᠴᠣᠭᠴᠠ ᠶᠢᠨ ᠨᠢᠭᠡᠴᠢ ᠲᠠᠯᠠᠪᠠᠶ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠪᠣᠯᠬᠤ ᠤᠰᠤᠨ ᠲᠤᠲᠤᠷᠭ᠎ᠠ ᠶᠢᠨ ᠵᠢᠱᠢᠶ᠎ᠡ ᠦᠵᠡᠭᠦᠯᠬᠦ ᠲᠠᠷᠢᠶᠠᠨ ᠤ ᠲᠠᠷᠢᠭᠰᠠᠨ ᠲᠠᠯᠠᠪᠠᠶ 120 ᠮᠦ ᠂ ᠪᠣᠳᠠᠲᠠᠢ ᠬᠤᠷᠢᠶᠠᠭᠰᠠᠨ ᠲᠠᠯᠠᠪᠠᠶ 1.11 ᠮᠦ᠂ ᠪᠣᠳᠠᠲᠠᠢ ᠬᠤᠷᠢᠶᠠᠭᠰᠠᠨ ᠦᠷ᠎ᠡ ᠶᠢᠨ ᠬᠦᠨᠳᠦ ᠶᠢᠨ ᠬᠡᠮᠵᠢᠶ᠎ᠡ 1062.5 ᠺᠢᠯᠣᠭ᠍ᠷᠠᠮ ᠪᠠᠶᠢᠵᠤ᠂ ᠠᠮᠤ ᠪᠤᠳᠠᠭᠠᠨ ᠤ ᠴᠢᠭᠢᠭ ᠤᠨ ᠲᠦᠷᠭᠡᠨ ᠬᠡᠮᠵᠢᠯᠲᠡ ᠶᠢᠨ ᠬᠡᠮᠵᠢᠭᠦᠷᠯᠢᠭ ᠢᠶᠠᠷ ᠬᠡᠮᠵᠢᠬᠦ ᠪᠠᠷ ᠳᠡᠮᠵᠢᠨ ᠤᠰᠤᠨ ᠤ ᠠᠭᠤᠯᠤᠭᠳᠠᠴᠠ ᠶᠢᠨ ᠨᠣᠷᠮ᠎ᠠ 29.4% ᠪᠠᠶᠢᠪᠠ︔ 1 ᠺᠢᠯᠣᠭ᠍ᠷᠠᠮ ᠤᠨ 3 ᠦᠯᠢᠭᠡᠷ ᠡᠳ᠋ ᠢ ᠲᠣᠬᠢᠶᠠᠯᠳᠤᠯ ᠢᠶᠠᠷ ᠰᠣᠩᠭᠤᠨ ᠠᠪᠴᠤ᠂ ᠬᠤᠯᠢᠴᠠ ᠵᠢᠴᠢ ᠴᠤᠤᠬᠠᠯ ᠤᠨ ᠨᠣᠷᠮ᠎ᠠ ᠶᠢ 1% ᠪᠠᠷ ᠬᠡᠮᠵᠢᠨ ᠲᠣᠭᠲᠠᠭᠠᠪᠠ᠃ ᠤᠯᠤᠰ ᠤᠨ ᠪᠠᠷᠢᠮᠵᠢᠶᠠᠲᠤ ᠤᠰᠤᠨ ᠤ ᠠᠭᠤᠯᠤᠭᠳᠠᠴᠠ ᠶᠢ 14.5% ᠪᠠᠷ ᠪᠤᠳᠤᠪᠠᠯ᠂ 1.11 ᠮᠦ ᠤᠰᠤᠨ ᠲᠤᠲᠤᠷᠭ᠎ᠠ ᠶᠢᠨ ᠥᠨᠳᠥᠷ ᠤᠨᠠᠯᠲᠠ ᠶᠢᠨ ᠰᠢᠪᠲᠤᠯᠤᠯᠲᠠ ᠶᠢᠨ ᠲᠠᠷᠢᠶᠠᠨ ᠭᠠᠵᠠᠷ ᠤᠨ ᠪᠣᠳᠠᠲᠠᠢ ᠬᠡᠮᠵᠢᠭᠰᠡᠨ ᠮᠦ ᠪᠦᠷᠢ ᠶᠢᠨ ᠤᠨᠠᠯᠲᠠ 785.9 ᠺᠢᠯᠣᠭ᠍ᠷᠠᠮ ᠪᠠᠶᠢᠵᠤ᠂ 2023 ᠣᠨ ᠤ ᠤᠰᠤᠨ ᠲᠤᠲᠤᠷᠭ᠎ᠠ ᠶᠢᠨ ᠨᠢᠭᠡᠴᠢ ᠲᠠᠯᠠᠪᠠᠶ ᠶᠢᠨ ᠤᠨᠠᠯᠲᠠ ᠶᠢᠨ 761.5 ᠺᠢᠯᠣᠭ᠍ᠷᠠᠮ ᠤᠨ ᠲᠡᠮᠲᠡᠭᠯᠡᠯ ᠠᠴᠠ ᠪᠠᠨ ᠳᠠᠬᠢᠭᠠᠳ 24.4 ᠺᠢᠯᠣᠭ᠍ᠷᠠᠮ ᠨᠡᠮᠡᠭᠳᠡᠵᠦ᠂ ᠮᠠᠨ ᠤ ᠣᠷᠣᠨ ᠤ ᠤᠰᠤᠨ ᠲᠤᠲᠤᠷᠭ᠎ᠠ ᠶᠢᠨ ᠥᠨᠳᠥᠷ ᠤᠨᠠᠯᠲᠠ ᠶᠢᠨ ᠰᠢᠨ᠎ᠡ ᠲᠡᠮᠳᠡᠭᠯᠡᠯ ᠢ ᠡᠭᠦᠳᠪᠡ᠃ ︵ᠬᠢᠩᠭᠠᠨ ᠠᠶᠢᠮᠠᠭ ᠤᠨ ᠵᠠᠬᠢᠷᠭ᠎ᠠ︶    
ᠢᠷᠡᠯᠲᠡ᠄ ᠬᠦᠯᠦᠨ ᠪᠤᠢᠷ ᠬᠤᠲᠠ ᠶᠢᠨ ᠵᠠᠰᠠᠭ ᠤᠨ ᠤᠷᠳᠤᠨ