| | ᠬᠥᠯᠥᠨ ᠪᠤᠶᠢᠷ ᠬᠤᠲᠠ ᠦᠷ᠎ᠡ ᠶᠢᠨ ᠦᠢᠯᠡᠰ ᠤᠨ ︽ᠪᠤᠶᠢᠵᠢᠭᠤᠯᠬᠤ ᠲᠦᠷᠢᠮ ᠳᠤ ᠬᠡᠷᠡᠭᠯᠡᠬᠦ︾ ᠳᠥᠷᠪᠡᠨ ᠭᠤᠤᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠨᠢᠭᠡ ᠳᠤ᠂ ᠦᠷ᠎ᠡ ᠡᠳ᠋ ᠤᠨ | ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠪᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ | ᠪᠠᠶᠢᠴᠠᠭᠠᠬᠤ ᠪᠠ ᠴᠤᠭᠯᠠᠭᠤᠯᠬᠤ ᠡᠭᠦᠷᠭᠡ ᠶᠢ ᠪᠡᠶᠡᠯᠡᠭᠦᠯᠵᠦ᠂ 434 ᠬᠤᠪᠢ ᠦᠷ᠎ᠡ ᠡᠳ᠋ ᠤᠨ ᠡᠬᠢ ᠪᠠᠶᠠᠯᠢᠭ ᠢ ᠲᠤᠰᠢᠶᠠᠵᠤ᠂ 44 ᠬᠤᠪᠢ ᠶᠢ ᠳᠠᠪᠠᠭᠤᠯᠤᠨ | ᠪᠡᠶᠡᠯᠡᠭᠦᠯᠵᠦ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠬᠠᠮᠠᠭᠠᠯᠠᠬᠤ ᠲᠠᠯᠠᠪᠠᠢ ᠶᠢ 4 ᠪᠠᠶᠢᠭᠤᠯᠵᠤ᠂ ᠣᠳᠣᠬᠠᠨ ᠳᠤ ᠪᠥᠬᠦ ᠬᠤᠲᠠ ᠶᠢᠨ | ᠡᠭᠦᠯᠳᠡᠷ ᠤᠨ ᠮᠠᠯ ᠵᠢᠭᠦᠷᠲᠡᠨ ᠤ ᠡᠭᠦᠯᠳᠡᠷ ᠬᠠᠮᠠᠭᠠᠯᠠᠬᠤ ᠲᠠᠯᠠᠪᠠᠶ ᠳᠤ ᠲᠣᠰ ᠲᠣᠰ 270 ᠴᠠ ᠪᠤᠭᠤ᠂ 165 ᠣᠷᠴᠣᠨ ᠠᠳᠤᠭᠤ᠂ 315 ᠮᠣᠩᠭᠤᠯ ᠠᠳᠤᠭᠤ᠂ | 200 ᠰᠠᠨ ᠡᠾᠧ ᠠᠳᠤᠭᠤ ᠪᠠᠶᠢᠬᠤ ᠶᠢ ᠪᠠᠲᠤᠯᠠᠵᠤ ᠪᠣᠶ᠃ ᠬᠤᠶᠠᠷ ᠲᠤ᠂ ᠦᠷ᠎ᠡ ᠡᠳ᠋ ᠤᠨ ᠰᠣᠩᠭᠤᠯᠲᠠ ᠶᠢᠨ ᠰᠠᠶᠢᠵᠢᠷᠠᠭᠤᠯᠤᠯᠲᠠ ᠶᠢ ᠴᠢᠩᠭᠠᠳᠬᠠᠪᠠ᠃ ᠰᠢᠷ᠎ᠠ | ᠪᠤᠷᠴᠠᠭ ᠤᠨ ᠰᠢᠨ᠎ᠡ ᠡᠭᠦᠯᠳᠡᠷ 18᠂ ᠲᠥᠮᠥᠰᠥ ᠶᠢᠨ ᠰᠢᠨ᠎ᠡ ᠡᠭᠦᠯᠳᠡᠷ 2 ᠢ ᠰᠣᠩᠭᠤᠨ ᠪᠤᠶᠢᠵᠢᠭᠤᠯᠵᠤ ᠳᠠᠭᠤᠰᠬᠠᠪᠠ᠂ ᠡᠭᠦᠨ ᠳᠤ ᠮᠣᠩᠭᠤᠯ ᠪᠤᠷᠴᠠᠭ 1137᠂ | ᠳ᠋ᠧᠩ ᠺᠧ 5 ᠨᠣᠮᠧᠷᠲᠤ ᠨᠢ ᠤᠯᠤᠰ ᠤᠨ ᠳᠡᠯᠭᠡᠷᠡᠭᠦᠯᠬᠦ ᠨᠡᠷᠡᠰ ᠤᠨ ᠵᠢᠭᠰᠠᠭᠠᠯᠲᠠ ᠳᠤ ᠣᠷᠣᠪᠠ︔ ᠮᠠᠯ ᠵᠢᠭᠦᠷᠲᠡᠨ ᠤ ᠤᠳᠤᠮᠯᠠᠯ ᠤᠨ ᠡᠭᠦᠯᠳᠡᠷ ᠰᠠᠶᠢᠵᠢᠷᠠᠭᠤᠯᠬᠤ | ᠲᠥᠯᠥᠪᠯᠡᠭᠡ ᠶᠢ ᠬᠡᠷᠡᠭᠵᠢᠭᠦᠯᠵᠦ᠂ ᠣᠳᠣᠬᠠᠨ ᠳᠤ ᠬᠥᠯᠥᠨ ᠪᠤᠶᠢᠷ ᠤᠨ ᠬᠤᠨᠢᠨ ᠤ ᠭᠤᠤᠯᠳᠠᠯᠭᠠᠲᠦ ᠰᠦᠷᠦᠭ 5.4 ᠲᠦᠮᠡ ᠳᠤ ᠬᠦᠷᠴᠦ᠂ ᠲᠠᠯ᠎ᠠ ᠨᠤᠲᠤᠭ ᠤᠨ | ᠣᠬᠤᠷ ᠰᠡᠭᠦᠯᠲᠦ ᠬᠤᠨᠢᠨ ᠤ ᠭᠤᠤᠯᠳᠠᠯᠭᠠᠲᠦ ᠰᠦᠷᠦᠭ 2.4 ᠲᠦᠮᠡ ᠳᠤ ᠬᠦᠷᠴᠦ᠂ ᠰᠠᠨ ᠡᠾᠧ ᠦᠬᠡᠷ ᠤᠨ ᠦᠷ᠎ᠡ ᠠᠪᠴᠤ ᠪᠣᠯᠬᠤ ᠪᠤᠬ᠎ᠠ ᠶᠢᠨ ᠲᠤᠭ᠎ᠠ | ᠲᠣᠯᠤᠭᠠᠢ 60 ᠪᠠᠶᠢᠵᠤ᠂ ᠵᠢᠯ ᠪᠦᠷᠢ 120 ᠲᠦᠮᠡᠨ ᠢᠴᠡᠭᠡᠯ ᠦᠷ᠎ᠡ ᠬᠠᠩᠭᠠᠨ᠎ᠠ᠃ ᠭᠤᠷᠪᠠ ᠳᠤ᠂ ᠰᠢᠯᠢᠳᠡᠭ ᠡᠭᠦᠯᠳᠡᠷ ᠤᠨ ᠦᠷ᠎ᠡ ᠪᠤᠶᠢᠵᠢᠭᠤᠯᠬᠤ ᠶᠢ | ᠴᠢᠩᠭᠠᠳᠬᠠᠪᠠ᠃ ᠣᠷᠴᠣᠨ ᠬᠤᠰᠢᠭᠤ ᠪᠣᠯᠤᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠪᠣᠷᠴᠠᠭ ᠲᠠᠷᠢᠭᠰᠠᠨ ᠤᠯᠤᠰ ᠤᠨ | ᠲᠠᠰ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠠᠷᠤᠨ ᠬᠤᠰᠢᠭᠤ᠂ ᠵᠠᠯᠠᠨ ᠠᠶᠢᠯ ᠬᠤᠲᠠ | ᠵᠡᠷᠭᠡ ᠰᠢᠷ᠎ᠠ ᠪᠤᠷᠴᠠᠭ ᠤᠨ ᠭᠤᠤᠯ ᠭᠠᠷᠤᠯᠲᠠ ᠶᠢᠨ ᠣᠷᠣᠨ ᠤ ᠬᠥᠭᠵᠢᠯᠲᠡ ᠶᠢ ᠨᠥᠯᠥᠭᠡᠯᠡᠨ ᠳᠠᠶᠢᠴᠢᠯᠠᠵᠤ᠂ ᠣᠳᠣᠬᠠᠨ ᠳᠤ ᠪᠥᠬᠦ ᠬᠤᠲᠠ ᠶᠢᠨ ᠰᠢᠷ᠎ᠠ | ᠪᠤᠷᠴᠠᠭ ᠤᠨ ᠰᠢᠯᠢᠳᠡᠭ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ 37 ᠲᠦᠮᠡᠨ ᠮᠥ ᠠᠴᠠ ᠳᠡᠭᠡᠭᠰᠢ ᠪᠠᠶᠢᠵᠤ᠂ ᠰᠢᠷ᠎ᠠ ᠪᠤᠷᠴᠠᠭ ᠤᠨ ᠦᠷ᠎ᠡ ᠬᠠᠩᠭᠠᠬᠤ | ᠴᠢᠳᠠᠪᠤᠷᠢ 5.2 ᠲᠦᠮᠡᠨ ᠲᠣᠨ ᠳᠤ ᠬᠦᠷᠴᠦ᠂ ᠰᠢᠷ᠎ᠠ ᠪᠤᠷᠴᠠᠭ ᠤᠨ ᠦᠷ᠎ᠡ ᠶᠢᠨ ᠦᠢᠯᠡᠰ ᠤᠨ 11 ᠠᠵᠤ ᠠᠬᠤᠶᠢᠯᠠᠯ ᠢ ᠲᠡᠳᠬᠦᠵᠦ᠂ ᠠᠵᠤ ᠠᠬᠤᠶᠢᠯᠠᠯ ᠤᠨ | ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ 5 ᠲᠣᠨ / ᠴᠠᠭ ᠪᠠᠶᠢᠭᠰᠠᠨ ᠠᠴᠠ ᠪᠠᠨ ᠨᠡᠮᠡᠭᠳᠡᠭᠡᠳ 30 ᠲᠣᠨ / ᠴᠠᠭ ᠪᠣᠯᠪᠠ᠃ ᠳᠥᠷᠪᠡ ᠳᠤ᠂ ᠰᠢᠯᠢᠳᠡᠭ | ᠡᠭᠦᠯᠳᠡᠷ ᠤᠨ ᠬᠡᠷᠡᠭᠯᠡᠭᠡᠨ ᠤ ᠬᠠᠮᠠᠭᠠᠯᠠᠯᠲᠠ ᠶᠢ ᠴᠢᠩᠭᠠᠳᠬᠠᠪᠠ᠃ ᠲᠠᠷᠢᠮᠠᠯ ᠤᠨ ᠥᠨᠳᠥᠷ ᠤᠨᠠᠯᠲᠠ ᠲᠠᠢ᠂ ᠴᠢᠨᠠᠷ ᠰᠠᠶᠢᠲᠠᠶ᠂ ᠪᠣᠬᠢᠷᠲᠤᠯ ᠥᠬᠡᠶ ᠰᠢᠨ᠎ᠡ | ᠡᠭᠦᠯᠳᠡᠷ ᠤᠨ ᠰᠢᠷ᠎ᠠ ᠪᠤᠷᠴᠠᠭ᠂ ᠲᠥᠮᠥᠰᠥ ᠵᠡᠷᠭᠡ ︽ᠲᠠᠷᠢᠶᠠᠨ ᠦᠷ᠎ᠡ ᠰᠣᠩᠭᠤᠬᠤ︾ 8 ᠲᠠᠪᠴᠠᠩ ᠢ ᠪᠠᠶᠢᠭᠤᠯᠵᠤ᠂ ᠨᠡᠶᠢᠲᠡ 300 ᠭᠠᠷᠤᠶ ᠲᠥᠷᠥᠯ ᠵᠦᠢᠯ ᠢ | ᠳᠡᠯᠭᠡᠷᠡᠭᠦᠯᠵᠦ᠂ ᠵᠢᠯ ᠤᠨ ᠳᠤᠮᠳᠠᠴᠢ ᠦᠵᠡᠭᠦᠯᠭᠡ ᠶᠢᠨ ᠲᠠᠯᠠᠪᠠᠢ 1000 ᠮᠥ ᠳᠤ ᠬᠦᠷᠪᠡ᠃ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠵᠢᠯ ᠤᠨ ᠡᠬᠢᠨ ᠠᠴᠠ ᠨᠠᠭᠠᠰᠢ ᠦᠷ᠎ᠡ ᠶᠢᠨ ᠡᠵᠡᠩᠨᠡᠯᠲᠡ ᠶᠢᠨ ᠳᠡᠯᠭᠡᠭᠦᠷ ᠵᠢᠴᠢ ᠦᠷ᠎ᠡ ᠦᠢᠯᠡᠳᠬᠦ ᠠᠵᠤ | ᠠᠬᠤᠶᠢᠯᠠᠯ ᠢ 2856 ᠤᠳᠠᠭ᠎ᠠ᠂ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ 205 ᠤᠳᠠᠭ᠎ᠠ ᠪᠠᠶᠢᠴᠠᠭᠠᠵᠤ᠂ 34 ᠬᠡᠷᠡᠭ ᠢ | ᠪᠠᠶᠢᠴᠠᠭᠠᠨ ᠰᠢᠢᠳᠪᠦᠷᠢᠯᠡᠵᠦ᠂ 56 ᠲᠦᠮᠡᠨ ᠲᠥᠭᠦᠷᠢᠭ ᠲᠣᠷᠭᠠᠪᠠ᠃ ︵ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ︶ | |