| ᠮᠧᠩ ᠱᠠᠩ ᠪᠠᠩᠬᠢ ᠲᠥᠷᠥ ᠶᠢᠨ ᠪᠣᠳᠣᠯᠭ᠎ᠠ ᠶᠢᠨ ᠬᠤᠷᠠᠮᠳᠤᠯ ᠢᠶᠠᠨ ᠴᠢᠩᠭᠠᠳᠬᠠᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠭᠤᠤᠯ | ᠬᠦᠴᠦᠨ ᠪᠣᠯᠬᠤ ᠪᠠᠷ ᠮᠡᠷᠡᠶᠢᠵᠦ ᠪᠠᠶᠢᠨ᠎ᠠ᠃ ᠮᠧᠩ ᠱᠠᠩ ᠪᠠᠩᠬᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ︽ᠣᠬᠤᠷ ᠬᠤᠭᠤᠴᠠᠭᠠᠨ ᠳᠤ | ᠲᠦᠷᠭᠡᠨ ᠠᠰᠢᠭ ᠣᠯᠬᠤ︾ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠧᠩ ᠱᠠᠩ ᠪᠠᠩᠬᠢ ᠮᠥᠩᠭᠦᠨ ᠭᠦᠢᠯᠭᠡᠭᠡᠨ ᠢᠶᠠᠷ ᠲᠠᠪᠤᠨ ᠶᠡᠭᠡ ᠡᠭᠦᠷᠭᠡ ᠳᠤ | ᠦᠢᠯᠡᠴᠢᠯᠡᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠵᠢᠴᠢ ᠠᠯᠪᠠᠨ ᠤ ᠬᠡᠷᠡᠭᠯᠡᠭᠴᠢᠳ ᠤᠨ ᠬᠠᠮᠢᠶᠠᠷᠤᠯᠲᠠ ᠶᠢᠨ ᠠᠯᠢ ᠣᠯᠠᠨ ᠲᠦᠷᠢᠮ ᠢ ᠨᠡᠶᠢᠲᠡᠯᠡᠵᠦ᠂ | ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠥᠪᠵᠢᠭᠦᠯᠭᠡ᠂ ᠭᠤᠤᠯᠳᠠᠯᠭ᠎ᠠ ᠲᠠᠢ ᠲᠥᠷᠥᠯ ᠵᠦᠢᠯ ᠪᠠ ᠡᠯ᠎ᠡ ᠠᠶᠢᠮᠠᠭ ᠬᠤᠲᠠ ᠬᠤᠰᠢᠭᠤ ᠰᠢᠶᠠᠨ ᠤ | ᠭᠤᠤᠯᠯᠠᠬᠤ ᠠᠵᠤ ᠦᠢᠯᠡᠰ᠂ ᠵᠠᠩᠭᠢᠯᠠᠭ᠎ᠠ ᠶᠢᠨ ᠠᠵᠤ ᠠᠬᠤᠶᠢᠯᠠᠯ ᠳᠤ ᠠᠩᠬᠠᠷᠤᠯ ᠢᠶᠠᠨ ᠲᠦᠪᠯᠡᠷᠡᠭᠦᠯᠪᠡ᠃ 2024 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ | ᠪᠣᠯᠲᠠᠯ᠎ᠠ᠂ ᠮᠧᠩ ᠱᠠᠩ ᠪᠠᠩᠬᠢ ᠲᠣᠰ ᠵᠢᠯ ᠳᠤ ᠲᠠᠪᠤᠨ ᠶᠡᠭᠡ ᠡᠭᠦᠷᠭᠡ ᠶᠢᠨ ᠬᠦᠷᠢᠶᠡᠨ ᠳᠠᠬᠢ ᠵᠢᠭᠡᠯᠡᠯᠭᠡ 269 ᠳ᠋ᠦᠩᠰᠢᠭᠤᠷ ᠲᠥᠭᠦᠷᠢᠭ ᠲᠠᠯᠪᠢᠵᠤ᠂ ᠲᠠᠪᠤᠨ | ᠶᠡᠭᠡ ᠡᠭᠦᠷᠭᠡ ᠶᠢᠨ ᠵᠢᠭᠡᠯᠡᠯᠭᠡ ᠶᠢᠨ ᠦᠯᠡᠳᠡᠪᠦᠷᠢ 416 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 151 ᠳ᠋ᠦᠩᠰᠢᠭᠤᠷ ᠲᠥᠭᠦᠷᠢᠭ | ᠨᠡᠮᠡᠭᠳᠡᠪᠡ᠃ ᠡᠭᠦᠨ ᠳᠤ᠂ 1 — 9 ᠳ᠋ᠦ᠋ᠭᠡᠷ ᠰᠠᠷ᠎ᠠ ᠳᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠲᠤ 120 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠲᠤ 34 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠳᠤ 4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠳᠤ 28 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠳᠤ | 83 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ︵ᠮᠧᠩ ᠱᠠᠩ ᠪᠠᠩᠬᠢ︶ |