7 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠸᠠᠩ ᠯᠢ ᠰᠢᠶᠠ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠤᠳᠤ ᠦᠶ᠎ᠡ ᠶᠢᠨ ᠲᠠᠷᠢᠶᠠᠯᠠᠩ᠂ | ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ | | | | | | | ᠵᠠᠯᠠᠶᠢᠳ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠤᠰᠤᠨ ᠲᠤᠲᠤᠷᠭ᠎ᠠ ᠶᠢᠨ ᠤᠷᠭᠤᠴᠠ ᠰᠠᠶᠢᠨ | ᠪᠠᠶᠢᠵᠤ᠂ ᠸᠠᠩ ᠯᠢ ᠰᠢᠶᠠ ᠲᠠᠷᠢᠶᠠᠨ ᠭᠠᠵᠠᠷ ᠲᠤ ᠬᠦᠷᠴᠦ᠂ ᠲᠠᠷᠢᠮᠠᠯ ᠤᠨ ᠡᠷᠦᠭᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠭᠤᠷᠠᠢ ᠲᠠᠷᠢᠶ᠎ᠠ ᠶᠢᠨ ᠤᠰᠤᠨ | ᠲᠤᠲᠤᠷᠭ᠎ᠠ ᠲᠠᠷᠢᠵᠤ ᠦᠢᠯᠡᠳᠪᠦᠷᠢᠯᠡᠬᠦ ᠪᠠ ᠤᠰᠤᠨ ᠲᠤᠲᠤᠷᠭ᠎ᠠ ᠶᠢᠨ ᠲᠠᠷᠢᠶᠠᠴᠢᠨ ᠤ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠵᠡᠩᠨᠡᠯᠲᠡ ᠶᠢᠨ | ᠡᠷᠦᠭᠡ ᠶᠢ ᠬᠡᠪᠴᠢᠶᠡᠵᠢᠯᠲᠡ᠂ ᠠᠵᠤ ᠦᠢᠯᠡᠰᠵᠢᠯᠲᠡ᠂ ᠲᠦᠷᠦᠯ ᠲᠡᠮᠳᠡᠭᠵᠢᠯᠲᠡ ᠶᠢᠨ ᠲᠠᠯ᠎ᠠ ᠪᠠᠷ ᠬᠦᠴᠦ ᠣᠷᠣᠭᠤᠯᠵᠤ᠂ ᠴᠢᠳᠠᠪᠤᠷᠢᠲᠠᠨ ᠢ ᠬᠥᠮᠦᠵᠢᠭᠦᠯᠵᠦ᠂ | ᠲᠦᠷᠦᠯ ᠲᠡᠮᠳᠡᠭ ᠢ ᠪᠤᠶᠢᠵᠢᠭᠤᠯᠵᠤ᠂ ᠰᠠᠶᠢᠨ ᠲᠤᠳᠤᠷᠭ᠎ᠠ ᠶᠢ ᠰᠠᠶᠢᠨ ᠦᠨ᠎ᠡ ᠪᠠᠷ ᠬᠤᠳᠠᠯᠳᠤᠵᠤ᠂ ᠲᠤᠬᠠᠢ ᠶᠢᠨ ᠭᠠᠵᠠᠷ ᠤᠨ ᠠᠷᠠᠳ ᠲᠦᠮᠡᠨ ᠳᠤ ᠨᠡᠩ ᠤᠯᠠᠨ | ᠠᠰᠢᠭ ᠬᠦᠷᠲᠡᠭᠡᠬᠦ ᠶᠢ ᠵᠣᠷᠢᠭᠵᠢᠭᠤᠯᠪᠠ᠃ ᠲᠡᠷᠡ ᠠᠵᠤ ᠦᠢᠯᠡᠰ ᠤᠨ ᠬᠦᠷᠢᠶᠡᠯᠡᠩ ᠤᠨ ᠲᠤᠷᠰᠢᠯᠲᠠ ᠶᠢᠨ ᠲᠠᠰᠤᠭ ᠲᠤ ᠬᠦᠷᠴᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠠᠴᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ ᠬᠡᠷᠡᠭᠯᠡᠭᠡᠨ ᠤ | ᠪᠠᠶᠢᠳᠠᠯ ᠢ ᠣᠶᠢᠯᠠᠭᠠᠪᠠ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠪᠦᠷ ᠲᠣᠭᠠᠴᠢᠯᠠᠭᠰᠠᠨ ᠮᠡᠷᠭᠡᠵᠢᠯ ᠢ ᠬᠡᠷᠡᠭᠯᠡᠭᠰᠡᠨ ᠪᠠᠶᠢᠬᠤ ᠶᠢ | ᠣᠶᠢᠯᠠᠭᠠᠭᠠᠳ ᠲᠡᠷᠡ ᠮᠠᠰᠢ ᠪᠠᠶᠠᠷᠯᠠᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠥᠭᠦᠯᠡᠯ ᠢᠶᠠᠨ ᠡᠬᠡ ᠭᠠᠵᠠᠷ ᠲᠡᠭᠡᠷ᠎ᠡ ᠪᠢᠴᠢᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠤᠨ ᠣᠳᠣᠬᠢᠴᠢᠯᠠᠯᠲᠠ ᠳᠤ ᠬᠦᠴᠦᠨ ᠴᠢᠳᠠᠯ ᠤᠯᠭᠤᠲᠤᠭᠠᠢ ᠭᠡᠵᠦ ᠵᠣᠷᠢᠭᠵᠢᠭᠤᠯᠪᠠ᠃ | ᠲᠡᠮᠡᠬᠡᠵᠢ ᠶᠢᠨ ᠨᠤᠲᠤᠬ ᠪᠡᠯᠴᠢᠭᠡᠷ ᠢ ᠮᠠᠰᠢ ᠰᠠᠶᠢᠨ ᠬᠠᠮᠠᠭᠠᠯᠠᠵᠤ ᠪᠠᠶᠢᠬᠤ ᠶᠢ ᠦᠵᠡᠭᠡᠳ ᠸᠠᠩ ᠯᠢ ᠰᠢᠶᠠ᠂ ᠪᠡᠯᠴᠢᠭᠡᠷ ᠤᠨ ᠲᠠᠭᠠᠭᠠᠴᠠ ᠪᠠᠷ ᠮᠠᠯ ᠤᠨ | ᠲᠤᠭ᠎ᠠ ᠶᠢ ᠲᠣᠭᠲᠠᠭᠠᠬᠤ᠂ ᠴᠥᠭᠡᠨ ᠲᠡᠵᠢᠭᠡᠵᠦ ᠨᠠᠷᠢᠯᠢᠭ ᠮᠠᠯᠵᠢᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠡᠷᠭᠡ ᠨᠤᠲᠤᠭ ᠪᠡᠯᠴᠢᠭᠡᠷ ᠤᠨ ᠳᠦᠷᠢᠮ ᠲᠣᠭᠲᠠᠭᠠᠯ ᠢ ᠭᠤᠶᠢᠪᠢᠰᠢ ᠦᠭᠡᠢ ᠰᠠᠶᠢᠲᠤᠷ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠢ ᠦᠵᠡᠰᠭᠦᠯᠡᠩᠲᠦ ᠰᠠᠶᠢᠬᠠᠨ ᠪᠣᠯᠭᠠᠬᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠤᠯᠠᠨ ᠲᠦᠮᠡᠨ ᠢ ᠪᠠᠶᠠᠵᠢᠭᠤᠯᠬᠤ ᠶᠢ ᠪᠡᠶᠡᠯᠡᠭᠦᠯᠵᠦ᠂ | ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ | ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠪᠣᠯ ᠥᠪᠥᠷ ᠮᠣᠩᠭᠤᠯ ᠤᠨ ᠦᠶᠡᠷ ᠢ ᠰᠡᠷᠭᠡᠶᠢᠯᠡᠬᠦ ᠬᠠᠮᠤᠭ ᠤᠨ ᠢᠳᠡ ᠠᠪᠬᠤ ᠴᠠᠭ | ᠬᠤᠭᠤᠴᠠᠭ᠎ᠠ ᠪᠣᠯᠤᠨ᠎ᠠ᠂ ᠸᠠᠩ ᠯᠢ ᠰᠢᠶᠠ ᠴᠤᠤᠯ ᠤᠰᠤᠨ ᠴᠥᠭᠦᠷᠥᠮ ᠳᠤ ᠲᠤᠰᠬᠠᠶᠢᠯᠠᠨ ᠬᠦᠷᠴᠦ᠂ ᠴᠥᠭᠦᠷᠥᠮ ᠤᠨ ᠪᠠᠭᠲᠠᠭᠠᠮᠵᠢ᠂ ᠤᠰᠤᠨ ᠤ ᠬᠡᠮᠵᠢᠶ᠎ᠡ᠂ | ᠤᠰᠤᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ | ᠰᠠᠶᠢᠲᠤᠷ ᠬᠢᠬᠦ ᠬᠡᠷᠡᠭᠲᠡᠶ᠃ ᠢᠨᠵᠧᠨᠧᠷᠢᠩ ᠤᠨ ᠴᠢᠨᠠᠷᠲᠠᠶ ᠤᠰᠤ ᠦᠯᠡᠳᠡᠭᠡᠬᠦ ᠲᠠᠯ᠎ᠠ ᠪᠠᠷ ᠠᠷᠭ᠎ᠠ ᠪᠤᠳᠤᠵᠤ᠂ ᠤᠰᠤᠨ ᠤ ᠦᠨ᠎ᠡ ᠬᠠᠩᠰᠢ ᠶᠢᠨ ᠲᠣᠭᠲᠠᠴᠠ ᠶᠢ | ᠲᠡᠭᠦᠯᠳᠡᠷᠵᠢᠭᠦᠯᠦᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠠᠮᠢ ᠠᠬᠤᠢ ᠪᠣᠯᠤᠨ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠦᠵᠡᠰᠭᠦᠯᠡᠩᠲᠦ ᠰᠠᠶᠢᠬᠠᠨ ᠥᠡᠭᠬᠡ ᠦᠵᠡᠮᠵᠢ ᠶᠢ | ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠪᠤᠶᠠᠨ ᠦᠢᠯᠡᠳᠬᠦ ᠬᠡᠷᠡᠭᠲᠡᠢ ᠭᠡᠵᠦ ᠱᠠᠭᠠᠷᠳᠠᠪᠠ᠃ | ᠶᠠᠳᠠᠭᠤ ᠠᠴᠠ ᠠᠩᠭᠢᠵᠢᠷᠠᠭᠰᠠᠨ ᠡᠷᠦᠬᠡ ᠵᠦ ᠴᠢᠩ ᠬᠤᠩ ᠤᠨ ᠬᠡᠷ ᠲᠤ᠂ ᠸᠠᠩ ᠯᠢ ᠰᠢᠶᠠ ᠲᠡᠭᠦᠨ ᠲᠠᠢ ᠣᠷᠣᠯᠭ᠎ᠠ ᠶᠢᠨ ᠨᠠᠷᠢᠨ ᠲᠠᠩᠰᠠ ᠶᠢ ᠨᠢᠭᠡᠳ | ᠨᠢᠭᠡ ᠪᠠᠷ ᠪᠤᠳᠤᠵᠤ᠂ ᠡᠮᠴᠢᠯᠡᠭᠡ ᠡᠮ ᠡᠮᠨᠡᠯᠭᠡ ᠶᠢᠨ ᠳᠠᠭᠠᠳᠬᠠᠯ᠂ ᠬᠡᠷ ᠪᠦᠯᠢ ᠶᠢᠨ ᠡᠮᠴᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠤᠬᠠᠶ ᠶᠢᠨ | ᠭᠠᠵᠠᠷ ᠤᠨ ᠬᠢᠨ ᠳᠤ ᠥᠩᠭᠡᠷᠡᠭᠰᠡᠨ ᠲᠠᠢ ᠪᠠᠨ ᠠᠳᠠᠯᠢ ᠪᠠᠷ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠨᠠᠮ ᠤᠨ ᠲᠥᠷᠥ ᠶᠢᠨ ᠪᠣᠳᠣᠯᠭ᠎ᠠ ᠶᠢᠨ ᠬᠠᠶᠢᠷ᠎ᠠ ᠬᠠᠯᠠᠮᠵᠢ ᠶᠢ ᠦᠷᠭᠦᠯᠵᠢᠯᠡᠨ ᠮᠡᠳᠡᠷᠡᠭᠦᠯᠵᠦ᠂ ᠲᠡᠲᠡᠨ ᠢ | ᠠᠮᠢᠳᠤᠷᠠᠯ ᠳᠠᠭᠠᠨ ᠨᠠᠩ ᠢᠲᠡᠭᠡᠯ ᠲᠠᠢ᠂ ᠨᠠᠩ ᠬᠦᠰᠡᠯ ᠡᠷᠡᠮᠡᠯᠵᠡᠯ ᠲᠠᠢ ᠪᠣᠯᠭᠠᠬᠤ ᠬᠡᠷᠡᠭᠲᠡᠶ ᠭᠡᠵᠦ ᠵᠠᠬᠢᠪᠠ᠃ | ᠲᠡᠷᠡ ᠪᠠᠰᠠ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠲᠤᠰᠢᠶᠠᠯ ᠡᠭᠦᠷᠭᠡᠯᠡᠵᠦ ᠪᠠᠶᠢᠭ᠎ᠠ ᠪᠡᠭᠡᠵᠢᠩ ᠤᠨ ᠲᠤᠰᠬᠠᠢ ᠮᠡᠷᠭᠡᠵᠢᠯᠲᠡᠨ ᠢ | ᠡᠷᠬᠢᠨ ᠦᠵᠡᠵᠦ᠂ ᠲᠡᠳᠡᠨ ᠢ ᠪᠤᠤᠭᠢᠶ᠎ᠠ ᠪᠠᠨ ᠰᠠᠶᠢᠲᠤᠷ ᠳᠠᠮᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠲᠤᠬᠡᠢ | ᠭᠡᠵᠦ ᠵᠣᠷᠢᠭᠵᠢᠭᠤᠯᠪᠠ᠃ | |