7 ᠳ᠋ᠤᠭᠠᠷ ᠰᠠᠷ᠎ᠠ ᠶᠢᠨ 14 ᠤ ᠦᠳᠡ ᠶᠢᠨ ᠡᠮᠦᠨ᠎ᠡ᠂ ᠬᠤᠸᠠᠢ ᠷᠧᠦ ᠲᠤᠷᠰᠢᠯᠲᠠ ᠶᠢᠨ ᠲᠠᠰᠤᠭ ᠬᠢᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ | ᠱᠦᠵᠢ ᠢᠦᠢ ᠶᠢᠩ ᠵᠢᠶᠧ᠂ ᠬᠤᠸᠠᠢ ᠷᠧᠦ ᠲᠤᠷᠰᠢᠯᠲᠠ ᠶᠢᠨ ᠲᠠᠰᠤᠭ ᠤᠨ ᠡᠷᠭᠢᠯᠡᠭᠴᠢ ᠲᠠᠩ ᠭᠤᠸᠠᠩ ᠹᠦ᠋ ᠭᠠᠷ ᠤᠨ ᠥᠰᠥᠭ ᠵᠢᠷᠤᠬᠤ ᠶᠣᠰᠣᠯᠠᠯ ᠳᠤ | ᠣᠷᠣᠯᠴᠠᠪᠠ᠃ | | | | | | ᠬᠤᠸᠠᠢ ᠷᠧᠦ ᠲᠤᠷᠰᠢᠯᠲᠠ ᠶᠢᠨ ᠲᠠᠰᠤᠭ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠴᠢᠬᠤᠯᠠ | ᠪᠦᠷᠢᠯᠳᠦᠭᠦᠨ ᠬᠡᠰᠡᠭ ᠪᠠᠶᠢᠵᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠡᠨᠧᠷᠭᠢ ᠶᠢᠨ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠪᠠᠷᠠᠯᠠᠯᠳᠤ ᠴᠢᠨᠠᠷᠲᠠᠢ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠵᠦ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠡᠬᠢ ᠪᠠᠶᠠᠯᠢᠭ | ᠡᠯᠪᠡᠭ ᠪᠠᠶᠢᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ | ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠰᠦᠪᠡᠭᠴᠢᠯᠡᠬᠦ ᠵᠡᠷᠭᠡ ᠲᠠᠯ᠎ᠠ ᠪᠠᠷ ᠴᠢᠬᠤᠯᠠ ᠪᠠᠶᠢᠷᠢ ᠰᠠᠭᠤᠷᠢ ᠲᠠᠢ ᠶᠤᠮ᠃ | | | | | | ᠵᠥᠪᠯᠡᠯᠴᠡᠭᠡᠷ ᠶᠣᠰᠣᠭᠠᠷ ᠬᠤᠶᠠᠷ ᠲᠠᠯ᠎ᠠ ᠪᠠᠷ ᠢᠶᠠᠨ ︽ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠲᠠᠪᠴᠠᠩ ᠢ ᠬᠠᠮᠲᠤ ᠪᠠᠷ ᠠᠰᠢᠭᠯᠠᠬᠤ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ︾ ᠵᠠᠷᠴᠢᠮ ᠢ ᠵᠢᠷᠤᠮᠯᠠᠵᠤ᠂ ᠥᠪᠥᠷ ᠮᠣᠩᠭᠤᠯ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠢᠶᠠᠷ ᠬᠤᠯᠪᠣᠭᠠᠰᠤ ᠪᠤᠯᠭᠠᠵᠤ᠂ | ᠰᠢᠨ᠎ᠡ ᠮᠡᠷᠭᠡᠵᠢᠯ ᠤᠨ ᠪᠣᠳᠠᠲᠤ ᠪᠠᠷᠢᠮᠲᠠ ᠪᠠᠷ ᠰᠢᠯᠭᠠᠨ ᠭᠡᠷᠡᠴᠢᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠣᠨᠳᠣᠣᠰᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠪᠠ ᠬᠠᠷᠢᠯᠴᠠᠨ ᠲᠣᠮᠢᠯᠠᠬᠤ᠂ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠰᠠᠭᠤᠷᠢ ᠶᠢ ᠪᠠᠬᠢᠵᠢᠭᠦᠯᠵᠦ᠂ ᠤᠯᠤᠰ ᠤᠨ ᠡᠨᠧᠷᠭᠢ ᠶᠢᠨ ᠠᠮᠤᠷ | ᠲᠦᠪᠰᠢᠨ ᠢ ᠬᠦᠴᠦᠲᠡᠢ ᠪᠠᠲᠤᠯᠠᠬᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ᠂ ᠰᠦᠨ ᠵᠢᠶᠦ᠋ᠨ ᠴᠢᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠠᠢ᠃ | | |