7 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠭᠦᠭᠡᠬᠤᠲᠠ ᠳᠤ ᠳᠤᠮᠳᠠᠳᠤ | ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ᠂ ᠱᠦᠵᠢ ᠨᠠᠷ ᠤᠨ | ᠭᠠᠵᠠᠷ ᠤᠨ ᠱᠦᠵᠢ ᠯᠢ ᠢ ᠲᠠᠢ ᠠᠭᠤᠯᠵᠠᠪᠠ᠃ | | | | | | ᠰᠦᠨ ᠱᠤᠤ ᠴᠧᠩ ᠯᠢ ᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ | ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠤᠨ | ᠰᠣᠶᠣᠯ ᠤᠨ ᠲᠤᠨᠳᠠᠰᠤ ᠭᠦᠨ ᠵᠤᠵᠠᠭᠠᠨ᠂ ᠤᠳᠬ᠎ᠠ ᠤᠷᠠᠯᠢᠭ ᠥᠪᠡᠷᠮᠢᠴᠡ ᠣᠨᠴᠠᠯᠢᠭ ᠲᠠᠢ᠂ ᠰᠣᠶᠣᠯ ᠤᠨ ᠳᠡᠯᠭᠡᠨ ᠦᠵᠡᠭᠦᠯᠭᠡ ᠶᠢᠨ ᠲᠥᠬᠦᠭᠡᠷᠦᠮᠵᠢ ᠪᠦᠷᠢᠨ | ᠲᠡᠭᠦᠯᠳᠡᠷ ᠪᠠᠶᠢᠳᠠᠭ᠃ ᠡᠨᠡ ᠬᠤᠶᠠᠷ ᠵᠢᠯ ᠳᠤ᠂ ᠪᠢᠳᠡ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠤᠳᠤ ᠪᠢᠳᠡ ᠶᠠᠭ | ᠲᠣᠭᠲᠠᠴᠠ ᠪᠠᠨ ᠰᠢᠯᠢᠳᠡᠭᠵᠢᠭᠦᠯᠬᠦ ᠪᠠᠷ ᠳᠠᠮᠵᠢᠨ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ ᠪᠠᠶᠢᠨ᠎ᠠ᠂ ᠳᠤᠮᠳᠠᠳᠤ ᠤᠯᠤᠰ ᠤᠨ | ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠬᠢᠨ ᠨᠡᠩ ᠤᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ᠂ ᠥᠪᠥᠷ ᠮᠣᠩᠭᠤᠯ ᠢ ᠬᠠᠪᠰᠤᠷᠤᠨ ᠤᠳᠬ᠎ᠠ | ᠤᠷᠠᠯᠢᠭ ᠤᠨ ᠦᠢᠯᠡᠰ ᠢ ᠪᠠᠭᠲᠠᠭᠠᠭᠰᠠᠨ ᠰᠣᠶᠣᠯ ᠤᠨ ᠠᠵᠢᠯ ᠢ ᠨᠡᠩ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠡᠢ᠃ | ᠯᠢ ᠢ ᠥᠪᠥᠷ ᠮᠣᠩᠭᠤᠯ ᠤᠨ ᠬᠢᠨ ᠤ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ | ᠲᠠᠯᠠᠷᠬᠠᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠳᠤ ᠪᠠᠶᠠᠷ | ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ | ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠭᠦ ᠤᠯᠤᠰ ᠤᠨ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠤ ᠥᠪᠥᠷ | ᠮᠣᠩᠭᠤᠯ ᠳᠤ ᠭᠦᠨᠵᠡᠭᠡᠶᠢᠷᠡᠨ ᠮᠠᠲ᠋ᠧᠷᠢᠶᠠᠯ ᠴᠤᠭᠯᠠᠭᠤᠯᠵᠤ ᠵᠣᠬᠢᠶᠠᠨ ᠪᠦᠲᠦᠭᠡᠵᠦ᠂ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠬᠦ ᠶᠢ ᠬᠥᠲᠥᠯᠥᠨ ᠳᠠᠭᠠᠭᠤᠯᠵᠤ | ᠳᠠᠶᠢᠴᠢᠯᠠᠨ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠦᠢᠯᠡᠰ ᠢ ᠪᠠᠭᠲᠠᠭᠠᠭᠰᠠᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃ | | |