7 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠪᠦᠭᠦᠳᠡ ᠬᠤᠷᠠᠯ ᠬᠢᠪᠡ᠃ | | | | | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠦᠷᠢᠯᠳᠦᠭᠦᠨ ᠣᠲᠣ 72 ᠬᠥᠮᠥᠨ ᠪᠤᠶ᠂ 65 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ | ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ | ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠥᠩ ᠷᠧᠨ ᠬᠤᠷᠠᠯ ᠳᠤ ᠰᠤᠯᠠ ᠣᠷᠣᠯᠴᠠᠪᠠ᠃ | ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠲᠠᠷᠠᠭ᠎ᠠ᠂ ᠬᠤᠷᠠᠯ ᠠᠴᠠ ᠴᠢ᠊ ᠪᠠᠲᠤ ᠶᠢᠨ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ | ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ᠂ ᠵᠠᠩ ᠱᠤᠤ ᠴᠦᠨ᠂ ᠶᠠᠩ ᠽᠥᠩ ᠷᠧᠨ ᠤ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ | ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ | ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ︵ᠲᠥᠰᠥᠯ︶︾ ᠢ ᠬᠢᠨᠠᠨ | ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ | ᠰᠢᠷᠣᠢ ᠶᠢᠨ ᠢᠳᠡᠭᠳᠡᠯ ᠢ ᠵᠠᠰᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ | ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠠᠩ ᠽᠦᠸᠧ ᠾᠧᠦ ᠶᠢᠨ ᠬᠢᠭᠰᠡᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ | ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ﹀ ᠶᠢ | ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠢᠦᠢ ᠱᠤ᠋ ᠸᠧᠨ ᠤ ᠬᠢᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠭᠢᠯᠡᠭᠴᠢ ᠳ᠋ᠢ ᠰᠢᠩ ᠤᠨ ᠬᠢᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠨ ᠬᠢᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ | ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ | ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠮᠥᠩᠭᠦᠨᠴᠡᠴᠡᠭ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠣᠷᠴᠢᠨ ᠲᠣᠭᠤᠷᠢᠨ ᠤ ᠡᠬᠢ ᠪᠠᠶᠠᠯᠢᠭ ᠤᠨ ᠵᠥᠪᠯᠡᠯ ᠤᠨ ᠡᠷᠭᠢᠯᠡᠭᠴᠢ ᠭᠡᠰᠢᠭᠦᠨ ᠹᠧᠩ ᠷᠧᠨ ᠹᠧᠢ ᠶᠢᠨ ᠬᠢᠭᠰᠡᠨ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠢ ᠬᠠᠮᠠᠭᠠᠯᠠᠬᠤ ᠬᠠᠤᠯᠢ︾ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠴᠢ᠊ ᠪᠠᠲᠤ ᠶᠢᠨ ᠬᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ | ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠡᠷᠭᠢᠯᠡᠭᠴᠢ ᠭᠤᠤ ᠵᠠᠨ ᠱᠧᠩ ᠤᠨ | ᠬᠢᠭᠰᠡᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠬᠠᠮᠲᠤ ᠪᠠᠷ ᠰᠠᠭᠤᠷᠢᠰᠢᠵᠤ ᠬᠠᠮᠲᠤ ᠪᠠᠷ | ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠭᠦᠩ ᠮᠢᠩ ᠵᠦ ᠶᠢᠨ ᠬᠢᠭᠰᠡᠨ 2024 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠳᠡᠭᠡᠷ᠎ᠡ ᠬᠠᠭᠠᠰ ᠵᠢᠯ ᠳᠤ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ | ᠮᠡᠳᠡᠭᠦᠯᠦᠯᠲᠡ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠴᠢᠨ ᠶᠠᠨ ᠤ ᠬᠢᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ ᠪᠢᠴᠢᠭ ᠢ | ᠠᠭᠤᠳᠠᠯᠬᠤ᠂ ᠡᠮᠬᠢᠯᠡᠬᠦ᠂ ᠠᠰᠢᠭᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ ᠶᠢᠨ ᠮᠠᠲ᠋ᠧᠷᠢᠶᠠᠯ ᠤᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︔ ᠭᠦᠸᠧ ᠵᠠᠨ ᠵᠢᠶᠠᠩ ᠤᠨ ᠬᠢᠭᠰᠡᠨ ᠰᠦ ᠶᠢᠨ ᠦᠢᠯᠡᠰ ᠤᠨ ᠪᠦᠭᠦ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠠᠷᠤᠭ᠎ᠠ ᠸᠠᠩ ᠵᠣᠣ ᠱᠧᠩ ᠤᠨ ᠬᠢᠭᠰᠡᠨ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ | ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠵᠢᠦᠢ ᠱᠤ᠋ ᠸᠧᠨ ᠤ ᠬᠢᠭᠰᠡᠨ 2023 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ | ᠭᠦᠢᠴᠡᠳᠬᠡᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ | ᠠᠬᠤᠢ ᠶᠢᠨ ᠵᠥᠪᠯᠡᠯ ᠤᠨ ᠡᠷᠭᠢᠯᠡᠭᠴᠢ ᠭᠡᠰᠢᠭᠦᠨ ᠹᠧᠩ ᠢᠦᠢ ᠵᠧᠨ ᠤ ᠬᠢᠭᠰᠡᠨ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ | ᠵᠠᠰᠠᠭ ᠤᠨ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ | ᠬᠢᠨᠠᠨ ᠪᠤᠳᠤᠬᠤ ᠲᠢᠩᠬᠢᠮ ᠤᠨ ᠳᠠᠷᠤᠭ᠎ᠠ ᠾᠥᠸᠧ ᠵᠣᠣ ᠯᠢᠶᠠᠩ ᠤᠨ ᠬᠢᠭᠰᠡᠨ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠢ | ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠰᠠᠨ ᠠᠵᠢᠯ ᠤᠨ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ᠤ ᠬᠢᠭᠰᠡᠨ ᠠᠮᠢ ᠠᠬᠤᠢ | ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢ ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠭᠦᠸᠧ ᠰᠢᠨ ᠤ ᠬᠢᠭᠰᠡᠨ ᠣᠨᠴᠠ ᠵᠠᠷᠢᠮ | ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠬᠡᠰᠡᠭ ᠲᠣᠭᠤᠷᠢᠭ ᠪᠠᠶᠢᠭᠤᠯᠤᠭᠰᠠᠨ ᠬᠤᠳᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ | 2024 ᠣᠨ ᠤ ᠳᠡᠭᠡᠷ᠎ᠡ ᠬᠠᠭᠠᠰ ᠵᠢᠯ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠮᠡᠳᠡᠭᠦᠯᠦᠯᠲᠡ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠥᠪ ᠲᠤ ᠲᠣᠬᠢᠷᠠᠭᠤᠯᠤᠯᠲᠠ ᠬᠢᠬᠦ ᠲᠥᠰᠥᠯ ︵ᠲᠥᠰᠥᠯ︶ ᠤᠨ | ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ | ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠲᠣᠭᠤᠷᠢᠭ | ᠪᠠᠶᠢᠭᠤᠯᠤᠭᠰᠠᠨ ᠡᠯ᠎ᠡ ᠬᠤᠳᠠ᠂ ᠮᠠᠨᠵᠤᠤᠷ ᠬᠤᠳᠠ᠂ ᠡᠷᠢᠶᠡᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠣᠭᠳᠠᠯ | ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ | |