7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠡᠭᠡᠵᠢᠩ ᠶᠡᠭᠡ | ᠰᠤᠷᠭᠠᠭᠤᠯᠢ ᠶᠢᠨ ᠵᠠᠬᠢᠷᠤᠯ ᠭᠦᠩ ᠴᠢ ᠬᠤᠸᠠᠩ ᠲᠠᠢ ᠠᠭᠤᠯᠵᠠᠪᠠ᠃ | | | | ᠸᠠᠩ ᠯᠢ ᠰᠢᠶᠠ ᠭᠦᠩ ᠴᠢ ᠬᠤᠸᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠡᠭᠡᠵᠢᠩ ᠶᠡᠭᠡ ᠰᠤᠷᠭᠠᠭᠤᠯᠢ ᠶᠢᠨ ᠣᠷᠳᠣ ᠬᠤᠭᠤᠴᠠᠭᠠᠨ ᠤ | ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠳᠣᠬᠠᠨ ᠳᠤ ᠣᠷᠣᠨ ᠳᠠᠶᠠᠭᠠᠷ ᠢᠶᠠᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ | ᠣᠷᠣᠬᠤ ᠳᠤ ᠰᠠᠶᠢᠨ ᠰᠠᠶᠢᠬᠠᠨ ᠬᠠᠨᠳᠤᠰᠢ ᠢᠯᠡᠷᠡᠪᠡ᠃ ᠨᠢᠳᠤᠨᠤᠨ ᠥᠪᠥᠷ ᠮᠣᠩᠭᠤᠯ ᠪᠣᠯᠣᠨ ᠪᠡᠭᠡᠵᠢᠩ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠨᠢᠭᠡᠨᠲᠡ ᠰᠢᠯᠢᠳᠡᠭ ᠰᠠᠶᠢᠨ ᠦᠷ᠎ᠡ ᠪᠦᠲᠦᠮᠵᠢ ᠣᠯᠵᠠᠢ᠃ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ | ᠮᠣᠩᠭᠤᠯ ᠤᠨ ᠬᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠣᠷᠣᠨ ᠵᠠᠢ ᠪᠠᠨ ᠤᠯᠠᠮ ᠨᠢᠭᠡ ᠠᠯᠬᠤᠮ ᠥᠷᠭᠡᠳᠬᠡᠵᠦ᠂ ᠰᠢᠨ᠎ᠡ | ᠡᠨᠧᠷᠭᠢ᠂ ᠰᠦ ᠶᠢᠨ ᠦᠢᠯᠡᠰ᠂ ᠬᠤᠪᠣᠷ ᠰᠢᠷᠣᠢ᠂ ᠨᠣᠭᠤᠭᠠᠨ ᠪᠣᠳᠣᠯᠲᠠ ᠵᠡᠷᠭᠡ ᠬᠦᠷᠢᠶᠡᠨ ᠳᠤ ᠠᠯᠢ ᠲᠦᠷᠭᠡᠨ ᠢᠶᠠᠷ ᠰᠢᠨ᠎ᠡ ᠰᠢᠪᠲᠤᠯᠤᠯᠲᠠ ᠭᠠᠷᠭᠠᠵᠤ᠂ ᠰᠢᠨ᠎ᠡ | ᠴᠠᠭ ᠦᠶ᠎ᠡ ᠶᠢᠨ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ᠃ ᠥᠪᠥᠷ | ᠮᠣᠩᠭᠤᠯ ︽ᠶᠠᠭᠠᠬᠢᠵᠤ ᠲᠥᠭᠦᠮ ᠦᠵᠡᠭᠦᠯᠭᠦ ᠴᠢᠬᠤᠯᠠᠲᠠᠢ ᠪᠣᠯ ᠲᠡᠭᠡᠵᠦ ᠬᠢᠬᠦ︾ ᠵᠠᠷᠴᠢᠮ ᠶᠣᠰᠣᠭᠠᠷ᠂ ᠲᠤᠰᠬᠠᠢ ᠮᠡᠷᠭᠡᠵᠢᠯᠲᠡᠨ ᠫᠷᠤᠹᠧᠰᠰᠤᠷ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠳᠤ ᠥᠷᠭᠡᠨ ᠳᠡᠯᠭᠡᠷ ᠬᠡᠷᠡᠭᠯᠡᠭᠡᠨ ᠤ ᠲᠠᠯᠠᠪᠤᠷ ᠪᠠ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠨᠠᠩ ᠣᠯᠠᠨ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠥᠪᠥᠷ ᠮᠣᠩᠭᠤᠯ ᠳᠤ ᠣᠨᠳᠣᠣᠰᠢᠭᠤᠯᠤᠨ ᠬᠡᠷᠡᠭᠯᠡᠬᠦ ᠶᠢ ᠪᠡᠶᠡᠯᠡᠭᠦᠯᠦᠨ᠎ᠡ ᠭᠡᠵᠡᠢ᠃ | ᠭᠦᠩ ᠴᠢ ᠬᠤᠸᠠᠩ᠂ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠶᠠᠪᠤᠯᠴᠠᠭ᠎ᠠ ᠭᠦᠨ ᠵᠤᠵᠠᠭᠠᠨ ᠪᠠᠶᠢᠵᠤ᠂ ᠰᠣᠯᠢᠯᠴᠠᠭ᠎ᠠ ᠨᠢᠭᠲᠠ ᠪᠠᠶᠢᠳᠠᠭ᠃ | ᠬᠤᠶᠢᠰᠢᠳᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ | ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠠᠺᠠᠳᠧᠮᠢᠴᠢ ᠶᠢᠨ ᠪᠦᠯᠭᠦᠮ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠦᠨ ᠦᠢᠯᠡᠰ | ᠪᠣᠰᠬᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ | ᠬᠦᠴᠦᠨ ᠨᠡᠮᠡᠷᠢᠯᠡᠬᠦ ᠶᠢ ᠵᠣᠷᠢᠭᠵᠢᠭᠤᠯᠤᠨ ᠳᠡᠮᠵᠢᠨ᠎ᠡ ᠭᠡᠵᠦ ᠢᠯᠡᠳᠬᠡᠪᠡ᠃ | ᠪᠦᠦ ᠰᠢᠶᠠᠨ ᠬᠤᠸᠠ᠂ ᠶᠠᠩ ᠵᠢᠶᠧ ᠠᠭᠤᠯᠵᠠᠯᠲᠠ ᠳᠤ ᠣᠷᠣᠯᠴᠠᠵᠠᠢ᠃ | |