7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠭᠦᠭᠡᠬᠤᠲᠠ ᠳᠤ ᠰᠢᠶᠠᠩᠭᠠᠩ ᠤᠨ ᠳ᠋ᠠ | ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠡ ᠬᠤᠩ ᠲᠠᠢ ᠠᠭᠤᠯᠵᠠᠪᠠ᠃ | | | | | | ᠰᠦᠨ ᠱᠤᠤ ᠴᠧᠩ ᠯᠢ ᠳ᠋ᠡ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ | ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ | ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ | ᠠᠭᠤᠳᠠᠮ᠂ ᠪᠠᠶᠢᠭᠠᠯᠢ ᠶᠢᠨ ᠥᠩᠭᠡ ᠦᠵᠡᠮᠵᠢ ᠥᠪᠡᠷᠮᠢᠴᠡ᠂ ᠲᠡᠦᠬᠡ ᠰᠣᠶᠣᠯ ᠤᠨ ᠲᠤᠨᠳᠠᠰᠤ ᠭᠦᠨ ᠵᠤᠵᠠᠭᠠᠨ ᠶᠤᠮ᠂ ᠰᠢᠶᠠᠩᠭᠠᠩ ᠤᠨ ᠡᠯ᠎ᠡ ᠡᠲᠡᠭᠡᠳ ᠤᠨ | ᠨᠠᠶᠢᠵᠠ ᠨᠠᠷ ᠪᠣᠯᠣᠨ ᠵᠠᠯᠠᠭᠤᠴᠤᠳ ᠪᠠᠭᠠᠴᠤᠳ ᠤᠨ ᠥᠪᠥᠷ ᠮᠣᠩᠭᠤᠯ ᠳᠤ ᠢᠯᠡᠭᠦᠬᠡᠨ ᠢᠷᠡᠵᠦ ᠲᠣᠭᠤᠷᠢᠨ ᠦᠵᠡᠵᠦ᠂ ᠥᠪᠥᠷ ᠮᠣᠩᠭᠤᠯ ᠢ ᠭᠦᠨᠵᠡᠭᠡᠢ | ᠣᠶᠢᠯᠠᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠭᠤᠣᠯ ᠵᠠᠭᠤᠴᠢᠯᠠᠭᠤᠷ ᠤᠨ | ᠳᠠᠪᠠᠭᠤᠯᠢᠭ ᠢᠶᠠᠨ ᠪᠠᠳᠠᠷᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢᠨ ᠦᠷ᠎ᠡ ᠪᠦᠲᠦᠭᠡᠯ ᠪᠣᠯᠣᠨ ᠥᠷᠭᠡᠨ ᠠᠭᠤᠳᠠᠮ ᠠᠯᠤᠰ ᠢᠷᠡᠭᠡᠳᠦᠢ ᠶᠢ ᠢᠳᠡᠪᠬᠢᠲᠡᠢ | ᠤᠬᠠᠭᠤᠯᠵᠤ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠳᠤ ᠬᠦᠴᠦᠨ ᠨᠡᠮᠡᠷᠢᠯᠡᠵᠦ᠂ ᠨᠡᠩ ᠤᠯᠠᠨ ᠰᠢᠶᠠᠩᠭᠠᠩ ᠤᠨ ᠪᠡᠯᠡᠳᠦ | ᠰᠢᠶᠠᠩᠭᠠᠩ ᠤᠨ ᠠᠵᠤ ᠠᠬᠤᠶᠢᠯᠠᠯ ᠢ ᠥᠪᠥᠷ ᠮᠣᠩᠭᠤᠯ ᠳᠤ ᠲᠠᠳᠠᠨ ᠠᠪᠴᠢᠷᠠᠵᠤ ᠪᠡᠯᠡ ᠣᠷᠣᠭᠤᠯᠤᠨ ᠦᠢᠯᠡᠰ ᠪᠣᠰᠬᠠᠬᠤ ᠶᠢ ᠬᠦᠰᠡᠵᠦ ᠪᠠᠶᠢᠨ᠎ᠠ᠃ ᠪᠢᠳᠡ ᠶᠠᠭ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠪᠤᠢ᠂ ᠰᠢᠶᠠᠩᠭᠠᠩ ᠤᠨ ᠳ᠋ᠠ | ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠤᠯᠠᠨ ᠲᠠᠯ᠎ᠠ ᠪᠠᠷ ᠬᠥᠭᠦᠷᠭᠡ ᠬᠤᠯᠪᠣᠭᠠᠰᠤ ᠪᠣᠯᠵᠤ᠂ ᠥᠪᠥᠷ ᠮᠣᠩᠭᠤᠯ ᠪᠣᠯᠣᠨ ᠰᠢᠶᠠᠩᠭᠠᠩ ᠬᠤᠶᠠᠷ | ᠭᠠᠵᠠᠷ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ | ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠯᠢ ᠳ᠋ᠡ ᠬᠤᠩ ᠪᠦᠯᠦᠭᠯᠡᠯ ᠤᠨ ᠬᠥᠭᠵᠢᠯᠲᠡ ᠵᠢᠴᠢ ︽ᠹᠠᠨ ᠴᠠᠩ ᠵᠢᠶᠠᠩ ᠠᠵᠢᠯᠯᠠᠭ᠎ᠠ — ᠰᠢᠶᠠᠩᠭᠠᠩ ᠤᠨ ᠵᠠᠭᠤᠴᠢᠯᠠᠭᠤᠷ ᠤᠨ ᠰᠤᠷᠤᠬᠴᠢᠳ ᠤᠨ ᠥᠪᠥᠷ | ᠮᠣᠩᠭᠤᠯ ᠳᠠᠬᠢ ᠠᠶᠠᠯᠠᠯ︾ ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠬᠢᠨ | ᠠᠵᠢᠯᠯᠠᠭ᠎ᠠ ᠶᠢ ᠴᠢᠬᠤᠯᠠᠴᠢᠯᠠᠨ ᠦᠵᠡᠵᠦ ᠳᠡᠮᠵᠢᠭᠰᠡᠨ ᠳᠤ ᠲᠠᠯᠠᠷᠬᠠᠪᠠ᠃ ᠲᠡᠷᠡ᠂ ᠣᠶᠢᠷ᠎ᠠ ᠶᠢᠨ ᠵᠢᠯ ᠠᠴᠠ ᠥᠪᠥᠷ ᠮᠣᠩᠭᠤᠯ ᠳᠤ ᠯᠤᠲᠤ ᠶᠡᠭᠡ ᠬᠤᠪᠢᠷᠠᠯᠲᠠ | ᠭᠠᠷᠴᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠰᠢᠨᠡᠳᠦᠨ ᠬᠤᠪᠢᠷᠠᠵᠤ᠂ ᠺᠠᠳ᠋ᠷ ᠤᠯᠠᠨ ᠲᠦᠮᠡᠨ ᠴᠤᠬ ᠵᠢᠪᠬᠤᠭ᠎ᠠ ᠲᠡᠭᠦᠯᠳᠡᠷ ᠪᠣᠯᠵᠤ᠂ ᠰᠠᠶᠢᠨ ᠰᠠᠶᠢᠬᠠᠨ | ᠬᠥᠭᠵᠢᠯᠲᠡ ᠶᠢᠨ ᠬᠠᠨᠳᠤᠰᠢ ᠨᠢ ᠬᠥᠮᠥᠰ ᠲᠤ ᠭᠦᠨ ᠰᠠᠭᠤᠭᠳᠠᠯ ᠥᠭᠴᠡᠢ᠃ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ | ᠵᠠᠭᠤᠴᠢᠯᠠᠭᠤᠷ ᠤᠨ ᠵᠢᠭᠰᠠᠭᠠᠯ᠂ ᠤᠯᠠᠨ ᠤᠯᠤᠰ ᠤᠨ ᠳᠠᠮᠵᠢᠭᠤᠯᠭ᠎ᠠ ᠶᠢᠨ ᠳᠠᠪᠠᠭᠤᠯᠢᠭ ᠢᠶᠠᠨ ᠠᠰᠢᠭᠯᠠᠵᠤ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ | ᠰᠢᠶᠠᠩᠭᠠᠩ ᠪᠣᠯᠣᠨ ᠥᠪᠥᠷ ᠮᠣᠩᠭᠤᠯ ᠤᠨ ᠠᠵᠤ ᠠᠬᠤᠢ᠂ ᠰᠣᠶᠣᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠦᠨ᠎ᠡ ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃ | |