ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠡᠪᠰᠡᠭᠲᠦ ᠴᠠᠭᠳᠠᠭ᠎ᠠ ᠶᠢᠨ ᠨᠢᠭᠡᠳᠦᠭᠡᠷ ᠪᠡᠯᠡᠳᠬᠡᠯ ᠶᠡᠷᠦᠩᠬᠡᠢ ᠠᠩᠭᠢ ᠶᠢᠨ ᠨᠢᠭᠡᠨ ᠰᠠᠯᠪᠤᠷᠢ ᠠᠩᠭᠢ ᠶᠢᠨ | ᠵᠢᠯᠣᠭᠤᠳᠤᠭᠴᠢ ᠪᠠᠶᠢᠯᠳᠤᠭᠴᠢᠳ ᠢ ᠲᠤᠰᠬᠠᠶᠢᠯᠠᠨ ᠡᠷᠭᠢᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠡᠮᠦᠨ᠎ᠡ ᠠᠴᠠ ᠲᠡᠳᠡᠨ ᠢ ᠴᠢᠩ ᠰᠡᠳᠬᠢᠯ ᠠᠴᠠ ᠪᠠᠨ ᠲᠣᠬᠤᠨᠢᠭᠤᠯᠤᠭᠰᠠᠨ ᠪᠥᠭᠡᠳ ᠲᠡᠳᠡᠨ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ | | | | | | ᠸᠠᠩ ᠯᠢ ᠰᠢᠶᠠ ᠰᠠᠯᠪᠤᠷᠢ ᠠᠩᠭᠢ ᠶᠢᠨ ᠢᠷᠠᠭᠤ ᠠᠯᠳᠠᠷ ᠤᠨ ᠲᠠᠰᠤᠬ ᠲᠤ ᠬᠦᠷᠴᠦ᠂ ᠭᠡᠷᠡᠯ ᠵᠢᠷᠤᠭ ᠪᠣᠯᠭᠠᠨ ᠤ ᠡᠮᠦᠨ᠎ᠡ ᠵᠣᠭᠰᠣᠵᠤ᠂ ᠰᠠᠯᠪᠤᠷᠢ ᠠᠩᠭᠢ ᠶᠢᠨ | ᠶᠠᠫᠤᠨ ᠢ ᠡᠰᠡᠷᠭᠦᠴᠡᠬᠦ ᠲᠠᠶᠢᠨ᠂ ᠴᠢᠯᠦᠭᠡᠯᠡᠬᠦ ᠲᠠᠶᠢᠨ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠵᠢᠴᠢ ᠡᠩᠬᠡ ᠲᠠᠶᠢᠪᠤᠩ ᠴᠠᠭ ᠦᠶ᠎ᠡ ᠶᠢᠨ | ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠡᠦᠬᠡᠨ ᠴᠠᠭ ᠦᠶ᠎ᠡ ᠳᠠᠬᠢ ᠪᠠᠶᠢᠯᠳᠤᠭᠠᠨ ᠤ ᠦᠯᠢᠭᠡᠷ ᠪᠣᠯᠣᠨ ᠪᠠᠭᠠᠲᠤᠷ ᠵᠢᠱᠢᠶᠡᠴᠢ ᠶᠢᠨ ᠦᠢᠯᠡ ᠠᠵᠢᠯᠯᠠᠭ᠎ᠠ ᠶᠢ ᠨᠠᠷᠢᠨ | ᠣᠶᠢᠯᠠᠭᠠᠵᠤ᠂ ᠵᠢᠯᠣᠭᠤᠳᠤᠭᠴᠢ ᠪᠠᠶᠢᠯᠳᠤᠭᠴᠢᠳ ᠲᠠᠢ ᠬᠠᠮᠲᠤ ᠰᠠᠯᠪᠤᠷᠢ ᠠᠩᠭᠢ ᠶᠢᠨ ᠢᠷᠠᠭᠤ ᠠᠯᠳᠠᠷᠲᠤ ᠲᠡᠦᠬᠡ ᠶᠢ ᠳᠠᠬᠢᠨᠲᠠ ᠡᠷᠭᠢᠴᠡᠭᠦᠯᠪᠡ᠃ ᠲᠡᠷᠡ ᠰᠠᠯᠪᠤᠷᠢ | ᠠᠩᠭᠢ ᠶᠢᠨ ᠳᠠᠷᠤᠭ᠎ᠠ ᠪᠠᠶᠢᠯᠳᠤᠭᠴᠢᠳ ᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠬᠤᠷᠴᠠ | ᠰᠡᠯᠡᠮ᠎ᠡ ᠶᠢᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠭᠠᠵᠠᠷ ᠣᠷᠣᠨ ᠤ ᠠᠮᠤᠷ ᠲᠦᠪᠰᠢᠨ ᠢ ᠰᠠᠶᠢᠲᠤᠷ | ᠰᠠᠬᠢᠨ ᠬᠠᠮᠠᠭᠠᠯᠠᠭᠠᠷᠠᠢ ᠭᠡᠵᠦ ᠵᠣᠷᠢᠬᠵᠢᠭᠤᠯᠪᠠ︔ ᠣᠷᠣᠨ ᠨᠤᠲᠤᠭ ᠤᠨ ᠵᠠᠰᠠᠭ ᠤᠨ ᠣᠷᠳᠣᠨ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ | ᠴᠢᠩᠭᠠᠳᠬᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠬᠦ ᠪᠠ ᠪᠠᠲᠤᠯᠠᠬᠤ ᠠᠵᠢᠯ ᠢ ᠰᠠᠶᠢᠲᠤᠷ ᠬᠢᠵᠦ᠂ ᠠᠷᠭ᠎ᠠ ᠪᠦᠭᠦᠨ ᠢ ᠰᠦᠪᠡᠭᠴᠢᠯᠡᠨ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢᠳ ᠢ ᠬᠠᠪᠰᠤᠷᠤᠨ ᠬᠤᠶᠢᠰᠢᠳᠠ ᠶᠢᠨ ᠵᠣᠪᠠᠨᠢᠯ ᠢ ᠨᠢ ᠠᠷᠢᠯᠭᠠᠵᠤ ᠥᠭᠭᠦᠨ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ | ᠠᠩᠭᠢ ᠲᠠᠢ ᠭᠠᠷ ᠬᠤᠯᠪᠣᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠱᠠᠭᠠᠷᠳᠠᠪᠠ᠃ | |