8 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠢᠩᠭᠠᠨ ᠠᠶᠢᠮᠠᠭ ᠲᠤ ᠬᠦᠷᠴᠦ᠂ | ᠨᠢᠭᠡᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠨᠥᠮᠥᠷᠭᠡᠨ ᠬᠠᠷᠠᠭᠤᠯ ᠤᠨ ᠭᠠᠵᠠᠷ ᠲᠤ ᠬᠦᠷᠴᠦ᠂ ᠡᠮᠦᠨ᠎ᠡ ᠹᠷᠣᠨᠲ ᠲᠤ ᠵᠢᠵᠢᠭᠦᠷᠯᠡᠨ ᠰᠠᠬᠢᠨ | ᠬᠠᠮᠠᠭᠠᠯᠠᠵᠤ ᠪᠠᠶᠢᠭ᠎ᠠ ᠳᠠᠷᠤᠭ᠎ᠠ ᠪᠠᠶᠢᠯᠳᠤᠭᠴᠢᠳ ᠢ ᠡᠷᠭᠢᠨ ᠦᠵᠡᠵᠦ ᠲᠣᠬᠤᠨᠢᠭᠤᠯᠪᠠ᠃ | | | | | | ᠰᠦᠨ ᠱᠤᠤ ᠴᠧᠩ ᠬᠠᠷᠠᠭᠤᠯ ᠤᠨ ᠭᠠᠵᠠᠷ ᠲᠤ ᠬᠦᠷᠴᠦ᠂ ᠰᠤᠷᠤᠯᠴᠠᠯᠭ᠎ᠠ ᠶᠢᠨ ᠲᠠᠰᠤᠭ᠂ ᠪᠠᠶᠢᠷᠢ᠂ ᠲᠣᠭᠤᠭᠠᠨ ᠭᠡᠷ ᠲᠤᠨᠢ ᠣᠷᠣᠵᠤ᠂ ᠤᠯᠠᠨ ᠲᠠᠢ | ᠭᠦᠨᠵᠡᠭᠡᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠲᠡᠳᠡᠨ ᠤ ᠠᠵᠢᠯ ᠰᠤᠷᠤᠯᠭ᠎ᠠ᠂ ᠠᠮᠢᠳᠤᠷᠠᠯ ᠠᠬᠤᠢ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠤᠯᠠᠨ ᠢᠶᠠᠷ ᠢᠶᠠᠨ ᠲᠦᠷᠪᠡᠨ ᠵᠦᠭ ᠨᠠᠢᠮᠠᠨ ᠵᠣᠪᠬᠢᠰ ᠠᠴᠠ ᠢᠷᠡᠵᠤ᠂ ᠡᠬᠡ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠬᠠᠮᠤᠭ ᠤᠨ ᠡᠮᠦᠨ᠎ᠡ ᠹᠷᠣᠨᠲ ᠲᠤ | ᠬᠠᠮᠠᠭᠠᠯᠠᠨ ᠰᠠᠭᠤᠵᠤ ᠪᠠᠶᠢᠨ᠎ᠠ᠂ ᠬᠠᠷᠢᠭᠤᠴᠠᠯᠭ᠎ᠠ ᠬᠦᠨᠳᠦ ᠶᠡᠭᠡ᠂ ᠮᠠᠰᠢ ᠵᠦᠳᠡᠷᠡᠯᠲᠡᠢ ᠪᠠᠶᠢᠨ᠎ᠠ᠃ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ | ᠢᠷᠡᠬᠦ ᠲᠠᠰᠢᠷᠠᠮ ᠢᠶᠠᠷ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠤᠯᠠᠨ ᠢ ᠡᠷᠭᠢᠨ ᠦᠵᠡᠵᠦ᠂ ᠲᠠ | ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠲᠠ ᠨᠠᠷ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠷᠠᠳ ᠤᠨ | ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠡᠷᠦᠭᠡ ᠶᠢᠨ ᠴᠡᠷᠢᠭ ᠤᠨ | ᠪᠡᠯᠡᠳᠬᠡᠯ ᠠᠯᠪᠠᠨ ᠤ ᠬᠥᠮᠥᠰ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠣᠨ ᠪᠤᠰᠤᠳ ᠬᠠᠷᠠᠭᠠᠯᠵᠠᠬᠤ ᠡᠲᠡᠭᠡᠳ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠵᠦ ᠪᠠᠶᠢᠨ᠎ᠠ ᠭᠡᠵᠡᠢ᠃ | ᠬᠠᠷᠠᠭᠤᠯ ᠤᠨ ᠭᠠᠵᠠᠷ ᠤᠨ ᠠᠵᠢᠭᠯᠠᠬᠤ ᠲᠠᠰᠤᠭ ᠲᠤ᠂ ᠰᠦᠨ ᠱᠤᠤ ᠴᠧᠩ ᠳᠤᠷᠠᠨ ᠢᠶᠠᠷ ᠬᠢᠯᠢ ᠬᠢᠵᠠᠭᠠᠷ ᠤᠨ ᠡᠮᠦᠨ᠎ᠡ ᠹᠷᠣᠨᠲ ᠢ ᠪᠠᠷᠠᠯᠠᠬᠤ ᠶᠢᠨ ᠬᠠᠮᠲᠤ ᠶᠠᠭ | ᠰᠠᠶ᠋ᠢᠬᠠᠨ ᠲᠣᠭᠲᠠᠮᠠᠯ ᠠᠵᠢᠭᠯᠠᠬᠤ ᠡᠭᠦᠷᠭᠡ ᠶᠢ ᠭᠦᠢᠴᠡᠳᠬᠡᠵᠦ ᠪᠠᠶᠢᠭ᠎ᠠ ᠪᠠᠶᠢᠯᠳᠤᠭᠴᠢ ᠠᠴᠠ ᠬᠠᠮᠢᠶ᠎ᠠ ᠪᠦᠬᠦᠢ ᠪᠠᠶᠢᠳᠠᠯ ᠢ ᠣᠶᠢᠯᠠᠭᠠᠪᠠ᠃ ᠲᠡᠷᠡ᠂ ᠶᠡᠷᠦᠩᠬᠡᠢ | ᠱᠦᠵᠢ ᠰᠢ ᠶᠢᠨ ᠫᠢᠩ ᠬᠢᠯᠢ ᠶᠢᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠳᠤᠨᠤᠨ ᠮᠠᠨ ᠤ ᠣᠷᠣᠨ ᠳᠤ ᠰᠢᠨᠵᠢᠯᠡᠨ | ᠪᠠᠶᠢᠴᠠᠭᠠᠬᠤ ᠳᠠᠭᠠᠨ ᠬᠢᠯᠢ ᠶᠢᠨ ᠬᠠᠮᠢᠶᠠᠷᠤᠯᠲᠠ ᠡᠵᠡᠮᠳᠡᠯ ᠪᠣᠯᠣᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢᠨ ᠪᠠᠶᠢᠳᠠᠯ ᠢ ᠲᠤᠰᠬᠠᠶᠢᠯᠠᠨ | ᠪᠠᠶᠢᠴᠠᠭᠠᠨ ᠰᠤᠳᠤᠯᠵᠤ᠂ ᠣᠶᠢᠷ᠎ᠠ ᠶᠢᠨ ᠬᠤᠭᠤᠴᠠᠭᠠᠨ ᠳᠤ ᠪᠠᠰᠠ ᠴᠢᠬᠤᠯᠠ ᠵᠢᠭᠠᠪᠤᠷᠢ ᠥᠭᠴᠡᠢ᠃ ᠥᠷᠭᠡᠨ ᠣᠯᠠᠨ ᠳᠠᠷᠤᠭ᠎ᠠ ᠪᠠᠶᠢᠯᠳᠤᠭᠴᠢ ᠶᠡᠷᠦᠩᠬᠡᠢ ᠱᠦᠵᠢ | ᠰᠢ ᠶᠢᠨ ᠫᠢᠩ ᠤᠨ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠠᠵᠢᠯ ᠤᠨ ᠪᠠᠶᠢᠷᠢ ᠳᠠᠭᠠᠨ ᠰᠠᠶᠢᠲᠤᠷ ᠠᠵᠢᠯᠯᠠᠵᠤ᠂ ᠬᠠᠷᠠᠭᠤᠯ ᠮᠠᠨᠠᠭ᠎ᠠ ᠶᠢᠨ ᠠᠵᠢᠯ ᠢᠶᠠᠨ ᠰᠠᠶᠢᠲᠤᠷ ᠬᠢᠵᠦ᠂ ᠬᠢᠯᠢ ᠬᠢᠵᠠᠭᠠᠷ ᠢᠶᠠᠨ ᠰᠠᠶᠢᠲᠤᠷ ᠰᠠᠬᠢᠵᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠳᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ | ᠃ ᠣᠷᠣᠨ ᠨᠤᠲᠤᠭ ᠤᠨ ᠡᠯ᠎ᠡ ᠱᠠᠲᠤᠨ ᠤ ᠬᠢᠨ ᠣᠷᠣᠨ ᠨᠤᠲᠤᠭ ᠲᠤ ᠰᠠᠭᠤᠭ᠎ᠠ ᠴᠡᠷᠢᠭ ᠠᠩᠭᠢ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ | ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠬᠢᠯᠢ | ᠬᠢᠵᠠᠭᠠᠷ ᠤᠨ ᠰᠡᠷᠭᠡᠶᠢᠯᠡᠯᠲᠡ ᠶᠢ ᠪᠠᠬᠢᠵᠢᠭᠦᠯᠬᠦ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠨᠠᠢᠮᠠᠨ ᠮᠢᠩᠭᠠᠨ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠰᠠᠶᠢᠲᠤᠷ ᠰᠠᠬᠢᠬᠤ ᠬᠡᠷᠡᠭᠲᠡᠢ ᠭᠡᠵᠡᠢ᠃ | ᠠᠶᠠᠷᠯᠠᠨ ᠰᠠᠯᠬᠤ ᠦᠶ᠎ᠡ ᠳᠤ᠂ ᠰᠦᠨ ᠱᠤᠤ ᠴᠧᠩ ᠪᠠᠰᠠ ᠪᠠᠶᠢᠯᠳᠤᠭᠴᠢᠳ ᠠᠴᠠ ᠣᠷᠣᠨ ᠨᠤᠲᠤᠭ ᠠᠴᠠ ᠬᠠᠪᠰᠤᠷᠤᠨ ᠰᠢᠢᠳᠪᠦᠷᠢᠯᠡᠵᠦ ᠥᠭᠬᠦ ᠴᠢᠬᠤᠯᠠᠲᠠᠢ | ᠶᠠᠮᠠᠷ ᠬᠦᠴᠢᠷᠳᠡᠯ ᠪᠠᠶᠢᠬᠤ ᠶᠢ ᠳᠣᠲᠣᠨᠣ ᠪᠠᠷ ᠯᠠᠪᠯᠠᠨ ᠠᠰᠠᠭᠤᠭᠰᠠᠨ ᠪᠥᠭᠡᠳ ᠬᠠᠮᠲᠤ ᠶᠠᠪᠤᠭ᠎ᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠲᠤ᠂ | ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠵᠠᠪᠠᠯ ᠰᠡᠳᠬᠢᠯ ᠳᠡᠭᠡᠨ ᠪᠤᠳᠤᠵᠥ᠂ ᠰᠠᠨᠠᠭᠠᠴᠢᠯᠠᠭ᠎ᠠ ᠠᠴᠠ ᠪᠠᠨ ᠬᠠᠷᠢᠯᠴᠠᠵᠤ | ᠳᠡᠷᠭᠡᠳᠡ ᠨᠢ ᠬᠦᠷᠴᠦ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ᠂ ᠤᠰᠤ᠂ ᠴᠠᠭᠢᠯᠭᠠᠨ᠂ ᠵᠠᠮ᠂ ᠴᠢᠮᠡᠭᠡ ᠬᠤᠯᠪᠤᠭ᠎ᠠ᠂ ᠳᠤᠯᠠᠭᠠᠯᠠᠭ᠎ᠠ ᠵᠡᠷᠭᠡ ᠡᠯ᠎ᠡ | ᠲᠠᠯ᠎ᠠ ᠶᠢᠨ ᠪᠠᠲᠤᠯᠠᠭ᠎ᠠ ᠶᠢ ᠬᠦᠴᠦᠯᠡᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃ ᠲᠡᠷᠡ᠂ ᠥᠪᠥᠷ ᠮᠣᠩᠭᠤᠯ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ | ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠲᠠᠢ ᠶᠤᠮ᠂ ᠣᠷᠣᠨ ᠨᠤᠲᠤᠭ ᠤᠨ ᠡᠯ᠎ᠡ ᠱᠠᠲᠤᠨ ᠤ ᠬᠢᠨ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ | ᠰᠡᠳᠬᠢᠯᠭᠡ ᠶᠢ ᠨᠡᠮᠡᠭᠳᠡᠭᠦᠯᠬᠦ ᠠᠵᠢᠯ ᠢ ᠢᠯᠡᠭᠦᠬᠡᠨ ᠬᠢᠵᠦ᠂ ᠵᠢᠯ ᠪᠦᠷᠢ ᠦᠨᠡᠨ ᠪᠣᠳᠠᠲᠠᠢ ᠪᠠᠷ ᠴᠡᠷᠢᠭ ᠠᠩᠭᠢ ᠳᠤ ᠪᠣᠳᠠᠲᠤ ᠶᠠᠪᠤᠳᠠᠯ ᠬᠢᠵᠦ ᠥᠭᠴᠦ᠂ ᠡᠯ᠎ᠡ | ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠲᠤ ᠡᠷᠦᠭᠡ ᠠᠮᠠ ᠶᠢᠨ ᠲᠠᠩᠰᠠ | ᠣᠷᠣᠵᠤ ᠠᠵᠢᠯ ᠣᠯᠬᠤ ᠬᠦᠰᠡᠯ ᠲᠠᠢ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠢᠳᠡᠪᠬᠢᠲᠡᠢ ᠪᠠᠷ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ | ᠲᠡᠳᠡᠨ ᠤ ᠥᠭᠡᠷ᠎ᠡ ᠨᠢᠭᠡ ᠵᠦᠢᠯ ᠤᠨ ᠠᠷᠭ᠎ᠠ ᠭᠡᠯᠪᠡᠷᠢ ᠪᠠᠷ ᠬᠢᠯᠢ ᠬᠢᠵᠠᠭᠠᠷ ᠢ ᠰᠠᠬᠢᠨ ᠬᠢᠯᠢ ᠬᠢᠵᠠᠭᠠᠷ ᠢ ᠬᠠᠮᠠᠭᠠᠯᠠᠵᠤ ᠬᠢᠯᠢ ᠬᠢᠵᠠᠭᠠᠷ ᠢ ᠬᠥᠭᠵᠢᠭᠦᠯᠬᠦ ᠶᠢ | ᠵᠣᠷᠢᠭᠵᠢᠭᠤᠯᠬᠤ ᠬᠡᠷᠡᠭᠲᠡᠢ ᠭᠡᠵᠡᠢ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ | |