ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠳᠡᠢ | ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 31 ᠤ ᠡᠳᠦᠷ ᠤᠨ ᠮᠡᠳᠡᠭᠡ 9 ᠰᠠᠷ᠎ᠠ ᠶᠢᠨ 1 ᠤ ᠡᠳᠦᠷ ᠬᠡᠪᠯᠡᠭᠳᠡᠭᠰᠡᠨ 17 ᠳ᠋ᠤᠭᠠᠷ ᠬᠤᠭᠤᠴᠠᠭᠠᠨ ᠤ | ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ | ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠶ︾ ᠭᠡᠬᠦ ᠴᠢᠬᠤᠯᠠ | ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠶᠠᠮᠠᠷ ᠬᠥᠮᠦᠨ ᠢ ᠬᠥᠮᠦᠵᠢᠭᠦᠯᠬᠦ ᠪᠣᠯ ᠰᠤᠷᠭᠠᠨ ᠬᠥᠮᠦᠵᠢᠯ ᠤᠨ ᠲᠡᠷᠢᠭᠦᠨ ᠴᠢᠬᠤᠯᠠ ᠠᠰᠠᠭᠤᠳᠠᠯ ᠪᠣᠯᠤᠨ᠎ᠠ᠃ ᠮᠠᠨ ᠤ ᠤᠯᠤᠰ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠡᠨᠡ ᠨᠢ ᠮᠠᠨ ᠤ ᠰᠤᠷᠭᠠᠨ ᠬᠥᠮᠦᠵᠢᠯ ᠡᠷᠬᠡᠪᠰᠢ ᠨᠡᠶᠢᠭᠡᠮ ᠵᠢᠷᠤᠮ ᠤᠨ | ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠲᠥᠯᠥᠭᠡ ᠨᠠᠰᠤᠨ ᠲᠤᠷᠰᠢᠳᠠ ᠲᠡᠮᠡᠴᠡᠬᠦ ᠪᠠᠷ ᠵᠣᠷᠢᠭ ᠰᠢᠭᠤᠳᠤᠭᠰᠠᠨ ᠦᠶ᠎ᠡ ᠦᠶ᠎ᠡ ᠶᠢᠨ ᠬᠡᠷᠡᠭᠴᠡᠭᠡ ᠲᠠᠢ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ ᠭᠡᠳᠡᠭ ᠢ | ᠲᠣᠭᠲᠠᠭᠠᠵᠠᠢ᠃ ᠪᠦᠬᠦᠳᠡᠭᠡᠷ ᠬᠥᠮᠦᠨ ᠢ ᠬᠥᠮᠦᠵᠢᠭᠦᠯᠬᠦ᠂ ᠪᠦᠬᠦ ᠶᠠᠪᠤᠴᠠ ᠪᠠᠷ ᠬᠥᠮᠦᠨ ᠢ ᠬᠥᠮᠦᠵᠢᠭᠦᠯᠬᠦ᠂ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠲᠠᠰᠤᠷᠠᠯᠲᠠ | ᠦᠭᠡᠢ ᠬᠥᠮᠦᠵᠢᠭᠦᠯᠬᠦ ᠬᠡᠷᠡᠭᠲᠡᠢ᠃ ᠡᠨᠡ ᠪᠣᠯ ᠰᠤᠷᠭᠠᠨ ᠬᠥᠮᠦᠵᠢᠯ ᠤᠨ ᠠᠵᠢᠯ ᠤᠨ ᠦᠨᠳᠦᠰᠦᠨ ᠡᠭᠦᠷᠭᠡ ᠮᠥᠨ᠂ ᠪᠠᠰᠠ ᠴᠤ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢᠨ ᠴᠢᠭᠯᠡᠯ ᠬᠠᠷᠠᠯᠲᠠ ᠮᠥᠨ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠪᠢᠳᠡᠨ ᠤ ᠬᠥᠮᠦᠵᠢᠭᠦᠯᠬᠦ ᠭᠡᠵᠦ ᠪᠠᠶᠢᠭ᠎ᠠ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠠᠮᠠᠷᠰᠢᠤ ᠦᠨᠳᠦᠰᠦᠨ ᠬᠡᠪ | ᠪᠣᠯᠪᠠᠰᠤᠷᠠᠯ ᠪᠣᠯᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠷᠢᠯᠳᠦᠭᠦᠯᠪᠡᠯ ᠵᠣᠬᠢᠬᠤ ᠪᠤᠢ᠂ ᠬᠡᠷᠬᠢᠨ ᠬᠥᠮᠦᠵᠢᠭᠦᠯᠬᠦ ᠪᠤᠢ ᠬᠡᠪᠡᠯ ᠵᠠᠩᠭᠢᠯᠠᠭ᠎ᠠ ᠨᠢ ᠳᠣᠣᠷᠠᠬᠢ | ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠪᠠᠶᠢᠨ᠎ᠠ᠃ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ | ᠮᠠᠨ ᠤ ᠬᠥᠮᠦᠵᠢᠭᠦᠯᠵᠦ ᠪᠠᠶᠢᠭ᠎ᠠ ᠬᠥᠮᠦᠨ ᠡᠷᠬᠡᠪᠰᠢ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠤᠢ ᠪᠣᠯᠭᠠᠬᠤ ᠬᠡᠷᠡᠭᠲᠡᠢ᠃ ᠰᠤᠷᠤᠭᠴᠢᠳ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠴᠢᠩᠭᠠᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠬᠦ ᠪᠠᠷ ᠵᠣᠷᠢᠭ ᠰᠢᠭᠤᠳᠬᠤ ᠬᠡᠷᠡᠭᠲᠡᠢ᠃ ᠬᠤᠶᠠᠷ ᠲᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ | ᠰᠡᠳᠬᠢᠯᠭᠡ ᠶᠢ ᠵᠤᠵᠠᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠤᠯᠤᠰ ᠢᠶᠠᠨ ᠬᠠᠶᠢᠷᠠᠯᠠᠬᠤ ᠦᠵᠡᠯ ᠪᠣᠯ ᠳᠤᠮᠳᠠᠳᠤ ᠶᠢᠨ ᠦᠨᠳᠦᠰᠦᠲᠡᠨ ᠤ | ᠦᠨᠳᠦᠰᠦᠲᠡᠨ ᠤ ᠰᠡᠳᠬᠢᠯ᠂ ᠦᠨᠳᠦᠰᠦᠲᠡᠨ ᠤ ᠰᠦᠭ ᠰᠦᠨᠡᠰᠦ ᠮᠥᠨ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠦᠵᠢᠭᠦᠯᠬᠦ ᠳᠤ ᠡᠩ ᠲᠡᠷᠢᠭᠦᠨ ᠳᠤ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠬᠦ ᠬᠡᠷᠡᠭᠲᠡᠢ᠃ ᠰᠤᠷᠤᠭᠴᠢᠳ ᠤᠨ ᠳᠤᠮᠳᠠᠳᠤ | ᠤᠯᠤᠰ ᠤᠨ ᠡᠪ ᠬᠠᠮᠲᠤ ᠨᠠᠮ ᠢ ᠬᠠᠶᠢᠷᠠᠯᠠᠨ ᠬᠦᠷᠢᠶᠡᠯᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠬᠰᠢᠯᠠᠬᠤ ᠪᠠᠷ ᠵᠣᠷᠢᠭ ᠰᠢᠭᠤᠳᠴᠤ᠂ ᠠᠷᠠᠳ | ᠲᠦᠮᠡᠨ ᠤ ᠳᠤᠮᠳᠠ ᠦᠨᠳᠦᠰᠦᠯᠡᠬᠦ᠂ ᠤᠯᠤᠰ ᠣᠷᠣᠨ ᠳᠠᠭᠠᠨ ᠬᠤᠪᠢ ᠨᠡᠮᠡᠷᠢ ᠦᠵᠡᠭᠦᠯᠬᠦ ᠪᠠᠷ ᠵᠣᠷᠢᠭ ᠰᠢᠭᠤᠳᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ | ᠭᠤᠷᠪᠠ ᠳᠤ᠂ ᠵᠠᠩ ᠮᠣᠷᠠᠯ ᠤᠨ ᠪᠣᠯᠪᠠᠰᠤᠷᠠᠯ ᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠶᠣᠰᠣ ᠰᠤᠷᠲᠠᠬᠤᠨ ᠢ ᠲᠡᠷᠢᠭᠦᠨ ᠳᠤ ᠲᠠᠯᠪᠢᠵᠤ᠂ | ᠪᠡᠶ᠎ᠡ ᠪᠠᠨ ᠵᠠᠰᠠᠬᠤ ᠪᠠᠷ ᠦᠨᠳᠦᠰᠦ ᠪᠣᠯᠭᠠᠬᠤ ᠪᠣᠯ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠦᠨᠳᠦᠰᠦᠨ ᠯᠣᠭᠢᠭ ᠮᠥᠨ᠃ ᠰᠤᠷᠤᠭᠴᠢᠳ ᠢ ᠬᠥᠮᠦᠵᠢᠭᠦᠯᠵᠦ | ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠶ᠋ᠯᠡᠳᠦᠯᠭᠡᠵᠢᠭᠦᠯᠵᠦ᠂ ᠶᠣᠰᠣ | ᠰᠤᠷᠲᠠᠬᠤᠨ ᠢᠶᠠᠷ ᠪᠡᠶ᠎ᠡ ᠪᠠᠨ ᠴᠢᠮᠡᠬᠦ᠂ ᠨᠡᠶᠢᠲᠡ ᠶᠢᠨ ᠶᠣᠰᠣ ᠰᠤᠷᠲᠠᠬᠤᠨ ᠴᠠᠶᠢᠯᠭᠠᠨ ᠰᠡᠳᠬᠢᠯ ᠲᠠᠢ ᠪᠠᠶᠢᠬᠤ᠂ ᠶᠡᠭᠡ ᠶᠣᠰᠣ ᠰᠤᠷᠲᠠᠬᠤᠨ ᠢᠶᠠᠷ ᠰᠦᠭ ᠰᠦᠨᠡᠰᠦ ᠶᠢ | ᠴᠣᠭᠴᠠᠯᠠᠬᠤ ᠶᠢ ᠪᠡᠶᠡᠯᠡᠭᠦᠯᠵᠦ᠂ ᠯᠠᠪᠳᠠᠭᠤᠨ ᠪᠠᠲᠤᠲᠠᠶ ᠪᠠᠷ ᠶᠣᠰᠣ ᠰᠤᠷᠲᠠᠬᠤᠨ ᠢᠶᠠᠨ ᠱᠤᠭᠤᠵᠤ᠂ ᠶᠡᠭᠡ ᠬᠠᠶᠢᠷ᠎ᠠ ᠶᠡᠭᠡ ᠶᠣᠰᠣ ᠰᠤᠷᠲᠠᠬᠤᠨ ᠶᠡᠭᠡ ᠬᠠᠶᠢᠷ᠎ᠠ | ᠰᠡᠳᠬᠢᠯᠭᠡ ᠲᠠᠢ ᠬᠥᠮᠦᠨ ᠪᠣᠯᠬᠤ ᠬᠡᠷᠡᠭᠲᠡᠶ᠃ ᠳᠥᠷᠪᠡ ᠳᠤ ᠮᠡᠳᠡᠯᠭᠡ ᠮᠡᠳᠡᠴᠡ ᠪᠠᠨ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠮᠡᠳᠡᠯᠭᠡ ᠰᠤᠷᠤᠯᠴᠠᠬᠤ | ᠪᠣᠯ ᠰᠤᠷᠤᠭᠴᠢ ᠶᠢᠨ ᠲᠤᠬᠠᠶᠢᠯᠠᠭᠰᠠᠨ ᠠᠵᠢᠯ ᠪᠤᠯᠤᠨ᠎ᠠ᠃ ᠰᠤᠷᠤᠭᠴᠢᠳ ᠢ ᠰᠤᠷᠤᠯᠴᠠᠬᠤ ᠴᠠᠭ ᠮᠥᠴᠡ ᠪᠠᠨ ᠨᠠᠨᠳᠢᠩᠨᠠᠵᠤ᠂ ᠨᠢᠭᠡ ᠰᠡᠳᠬᠢᠯ ᠨᠢᠭᠡ ᠵᠣᠷᠢᠭ ᠢᠶᠠᠷ | ᠡᠷᠳᠡᠮ ᠮᠡᠳᠡᠯᠭᠡ ᠰᠤᠷᠴᠤ᠂ ᠰᠤᠷᠤᠯᠴᠠᠬᠤ ᠳᠤᠮᠳᠠ ᠮᠡᠳᠡᠯᠭᠡ ᠪᠠᠨ ᠨᠡᠮᠡᠭᠳᠡᠭᠦᠯᠵᠦ᠂ ᠮᠡᠳᠡᠯᠭᠡ ᠮᠡᠳᠡᠴᠡ ᠪᠠᠨ ᠪᠠᠶᠠᠯᠢᠭᠵᠢᠭᠤᠯᠵᠤ᠂ ᠦᠨᠡᠨ ᠶᠣᠰᠣ ᠶᠢ ᠡᠷᠢᠯᠬᠢᠯᠡᠬᠦ᠂ | ᠶᠣᠰᠣ ᠤᠴᠢᠷ ᠢ ᠤᠬᠠᠬᠤ᠂ ᠶᠣᠰᠣ ᠤᠴᠢᠷ ᠢ ᠣᠶᠢᠯᠠᠭᠠᠬᠤ ᠴᠢᠭᠯᠡᠯ ᠢᠶᠠᠷ ᠤᠷᠤᠭᠰᠢᠯᠠᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠲᠠᠪᠤ ᠳᠤ ᠲᠡᠮᠡᠴᠡᠯ ᠤᠨ | ᠵᠣᠷᠢᠭ ᠰᠠᠨᠠᠭ᠎ᠠ ᠶᠢ ᠬᠥᠮᠦᠵᠢᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠤᠷᠤᠭᠴᠢᠳ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ | ᠠᠯᠤᠰ ᠬᠡᠲᠦ ᠶᠢᠨ ᠬᠦᠰᠡᠯ ᠵᠣᠷᠢᠯᠲᠠ ᠲᠠᠢ ᠪᠣᠯᠭᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠴᠥᠬᠦᠷᠡᠰᠢ ᠥᠬᠡᠶ ᠲᠡᠮᠡᠴᠡᠬᠦ ᠵᠣᠷᠢᠭ ᠰᠠᠨᠠᠭ᠎ᠠ ᠶᠢ ᠳᠠᠪᠲᠠᠨ | ᠪᠣᠯᠪᠠᠰᠤᠷᠠᠭᠤᠯᠵᠤ᠂ ᠵᠣᠷᠢᠭᠲᠠᠶ ᠪᠠᠷ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ᠂ ᠪᠠᠶᠠᠰᠤᠩᠭᠤᠶ ᠥᠭᠡᠳᠡᠷᠬᠡᠭ ᠠᠮᠢᠳᠤᠷᠠᠬᠤᠶ ᠶᠢᠨ ᠣᠪᠣᠷ ᠲᠠᠢ ᠪᠣᠯᠭᠠᠵᠤ᠂ | ᠮᠡᠳᠡᠬᠦ ᠬᠢᠬᠦ ᠶᠢ ᠨᠢᠭᠡᠳᠬᠡᠬᠦ ᠶᠢ ᠦᠨᠡᠨ ᠬᠦ ᠪᠡᠶᠡᠯᠡᠭᠦᠯᠵᠦ᠂ ᠲᠤᠷᠪᠢᠯᠢᠭ ᠠᠵᠢᠯᠯᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠬᠡᠷᠡᠭᠲᠡᠶ᠃ ᠵᠢᠷᠭᠤᠭ᠎ᠠ ᠳᠤ | ᠶᠡᠷᠦᠩᠬᠡᠶᠢᠯᠡᠭᠰᠡᠨ ᠬᠡᠪ ᠴᠢᠨᠠᠷ ᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ | ᠡᠷᠬᠡᠪᠰᠢ ᠪᠦᠬᠦ ᠲᠠᠯ᠎ᠠ ᠪᠠᠷ ᠬᠥᠭᠵᠢᠬᠦ ᠬᠡᠷᠡᠭᠲᠡᠢ᠃ ᠰᠤᠷᠤᠭᠴᠢᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠬᠥᠮᠦᠵᠢᠭᠦᠯᠵᠦ ᠬᠥᠲᠥᠯᠥᠨ ᠵᠢᠯᠣᠭᠤᠳᠴᠤ᠂ ᠰᠢᠨ᠎ᠡ ᠶᠢ | ᠡᠭᠦᠳᠬᠦ ᠰᠡᠳᠬᠢᠬᠦᠶ ᠶᠢ ᠨᠢ ᠬᠥᠮᠦᠵᠢᠭᠦᠯᠬᠦ ᠬᠡᠷᠡᠭᠲᠡᠶ᠃ ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠣᠶ ᠪᠣᠯᠭᠠᠵᠤ | ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠬᠦᠢᠴᠡᠳ ᠨᠡᠭᠡᠭᠡᠬᠦ ᠭᠡᠷᠡᠭᠳᠡᠢ᠃ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠨ | ᠰᠠᠶᠢᠵᠢᠷᠠᠭᠤᠯᠵᠤ᠂ ᠰᠤᠷᠤᠭᠴᠢᠳ ᠤᠨ ᠭᠤᠸ᠎ᠠ ᠰᠠᠶᠢᠬᠠᠨ ᠤ ᠲᠠᠭᠠᠰᠢᠶᠠᠯ ᠪᠠ ᠬᠥᠮᠦᠨ ᠨᠡᠶᠢᠭᠡᠮ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠭᠡᠷᠡᠭᠳᠡᠢ᠃ | ᠰᠤᠷᠤᠭᠴᠢᠳ ᠤᠨ ᠳᠤᠮᠳᠠ ᠬᠥᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠤᠭᠴᠢᠳ ᠢ ᠬᠥᠳᠡᠯᠮᠦᠷᠢ ᠶᠢ ᠡᠷᠬᠢᠮᠯᠡᠬᠦ᠂ ᠬᠥᠳᠡᠯᠮᠦᠷᠢ ᠶᠢ ᠬᠦᠨᠳᠦᠳᠬᠡᠬᠦ ᠶᠢ | ᠰᠤᠷᠭᠠᠨ ᠬᠥᠮᠦᠵᠢᠭᠦᠯᠵᠦ ᠬᠥᠲᠥᠯᠥᠨ ᠵᠢᠯᠤᠭᠤᠳᠬᠤ ᠭᠡᠷᠡᠭᠳᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ | ᠬᠥᠮᠦᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠴᠢᠳᠠᠪᠤᠷᠢᠲᠠᠨ ᠬᠥᠮᠦᠵᠢᠭᠦᠯᠬᠦ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ | ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠰᠣᠶᠣᠯ ᠮᠡᠳᠡᠯᠭᠡ ᠶᠢᠨ ᠬᠥᠮᠦᠵᠢᠯ᠂ ᠨᠡᠶᠢᠭᠡᠮ ᠤᠨ | ᠦᠢᠯᠡᠳᠦᠯᠭᠡ ᠶᠢᠨ ᠬᠥᠮᠦᠵᠢᠯ ᠤᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠡᠯ᠎ᠡ ᠬᠦᠷᠢᠶᠡᠨ ᠳᠤ ᠲᠤᠤᠱᠯᠠᠭᠤᠯᠵᠤ᠂ ᠰᠢᠨᠵᠢᠯᠡᠭᠡᠨ ᠤ ᠰᠢᠰᠲ᠋ᠧᠮ᠂ ᠵᠢᠭᠠᠨ ᠰᠤᠷᠭᠠᠯᠲᠠ ᠶᠢᠨ ᠰᠢᠰᠲ᠋ᠧᠮ᠂ | ᠵᠢᠭᠠᠬᠤ ᠮᠠᠲ᠋ᠧᠷᠢᠶᠠᠯ ᠤᠨ ᠰᠢᠰᠲ᠋ᠧᠮ᠂ ᠬᠠᠮᠢᠶᠠᠷᠤᠯᠲᠠ ᠶᠢᠨ ᠰᠢᠰᠲ᠋ᠧᠮ ᠢ ᠡᠨᠡ ᠬᠦ ᠬᠠᠷᠠᠯᠲᠠ ᠶᠢᠨ ᠲᠣᠭᠤᠷᠢᠨ ᠳᠤ ᠵᠢᠷᠤᠵᠤ ᠲᠥᠯᠥᠪᠯᠡᠵᠦ᠂ ᠪᠠᠭᠰᠢ ᠨᠠᠷ ᠡᠨᠡ ᠬᠦ | ᠬᠠᠷᠠᠯᠲᠠ ᠶᠢᠨ ᠲᠣᠭᠤᠷᠢᠨ ᠳᠤ ᠵᠢᠭᠠᠨ ᠰᠤᠷᠭᠠᠬᠤ ᠬᠡᠷᠡᠭᠲᠡᠢ᠂ ᠰᠤᠷᠤᠭᠴᠢᠳ ᠡᠨᠡ ᠬᠦ ᠬᠠᠷᠠᠯᠲᠠ ᠶᠢᠨ ᠲᠣᠭᠤᠷᠢᠨ ᠳᠤ ᠰᠤᠷᠤᠯᠴᠠᠬᠤ ᠬᠡᠷᠡᠭᠲᠡᠢ᠃ ᠡᠨᠡ ᠬᠦ | ᠬᠠᠷᠠᠯᠲᠠ ᠶᠢ ᠪᠡᠶᠡᠯᠡᠭᠦᠯᠬᠦ ᠳᠤ ᠠᠰᠢᠭ ᠦᠭᠡᠢ ᠠᠷᠭ᠎ᠠ ᠬᠢᠳᠡᠯ ᠪᠦᠬᠦᠨ ᠢ ᠡᠷᠡᠰ ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠢ᠃ ᠵᠢᠭᠠᠬᠤ ᠮᠠᠲ᠋ᠧᠷᠢᠶᠠᠯ ᠪᠣᠯ ᠮᠡᠳᠡᠯᠭᠡ ᠶᠢ ᠤᠯᠠᠮᠵᠢᠯᠠᠬᠤ ᠭᠤᠣᠯ | ᠠᠴᠢᠶᠠᠯᠠᠪᠤᠷᠢ ᠮᠥᠨ᠂ ᠲᠡᠷᠡ ᠨᠢ ᠨᠢᠭᠡ ᠤᠯᠤᠰ᠂ ᠨᠢᠭᠡ ᠦᠨᠳᠦᠰᠦᠲᠡᠨ ᠤ ᠦᠷᠳᠡᠭ ᠤᠨ ᠦᠵᠡᠯᠲᠡ ᠶᠢᠨ ᠰᠢᠰᠲ᠋ᠧᠮ ᠢ ᠢᠯᠡᠷᠡᠭᠦᠯᠵᠦ᠂ ᠪᠠᠭᠰᠢ ᠶᠢᠨ ᠵᠢᠭᠠᠨ | ᠰᠤᠷᠭᠠᠯᠲᠠ᠂ ᠰᠤᠷᠤᠭᠴᠢᠳ ᠤᠨ ᠰᠤᠷᠤᠯᠴᠠᠯᠭ᠎ᠠ ᠶᠢᠨ ᠴᠢᠬᠤᠯᠠ ᠪᠠᠭᠠᠵᠢ ᠪᠤᠯᠵᠤ ᠪᠠᠶᠢᠳᠠᠭ᠃ ᠵᠢᠭᠠᠬᠤ ᠮᠠᠲ᠋ᠧᠷᠢᠶᠠᠯ ᠳᠤ ᠮᠠᠷᠺᠰ ᠤᠨ ᠦᠵᠡᠯ ᠤᠨ ᠵᠢᠯᠣᠭᠤᠳᠬᠤ | ᠪᠠᠶᠢᠷᠢ ᠰᠠᠭᠤᠷᠢ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠱᠠᠭᠠᠷᠳᠠᠯᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠪᠠ ᠳᠤᠮᠳᠠᠳᠤ ᠶᠢᠨ | ᠦᠨᠳᠦᠰᠦᠲᠡᠨ ᠤ ᠬᠡᠪ ᠨᠠᠮᠪᠠ ᠶᠢ ᠢᠯᠡᠷᠡᠭᠦᠯᠵᠦ᠂ ᠨᠠᠮ ᠪᠠ ᠤᠯᠤᠰ ᠤᠨ ᠰᠤᠷᠭᠠᠨ ᠬᠥᠮᠦᠵᠢᠯ ᠳᠠᠬᠢ ᠦᠨᠳᠦᠰᠦᠨ ᠱᠠᠭᠠᠷᠳᠠᠯᠭ᠎ᠠ ᠶᠢ ᠢᠯᠡᠷᠡᠭᠦᠯᠵᠦ᠂ ᠤᠯᠤᠰ ᠪᠠ | ᠦᠨᠳᠦᠰᠦᠲᠡᠨ ᠤ ᠦᠨᠳᠦᠰᠦᠨ ᠥᠷᠲᠡᠭ ᠤᠨ ᠦᠵᠡᠯᠲᠡ ᠶᠢ ᠢᠯᠡᠷᠡᠭᠦᠯᠵᠦ᠂ ᠬᠥᠮᠦᠨ ᠲᠥᠷᠥᠯᠬᠢᠲᠡᠨ ᠤ ᠰᠣᠶᠣᠯ ᠤᠨ ᠮᠡᠳᠡᠯᠭᠡ ᠶᠢᠨ ᠬᠤᠷᠠᠮᠳᠤᠭᠤᠯᠤᠯ ᠪᠠ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ |