8 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠭᠦᠭᠡᠬᠤᠲᠠ ᠳᠤ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠨᠢᠭᠡᠳᠦᠭᠡᠷ ᠳᠡᠳ᠋ ᠵᠠᠬᠢᠷᠤᠯ ᠵᠢᠢ ᠯᠢᠨ ᠲᠠᠢ ᠠᠭᠤᠯᠵᠠᠪᠠ᠃ | | | | | | | | ᠰᠦᠨ ᠱᠤᠤ ᠴᠧᠩ ᠵᠢᠢ ᠯᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠠᠴᠠ ᠥᠪᠥᠷ | ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ ᠶᠢ | ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠰᠣᠶᠣᠯ ᠤᠨ ᠠᠭᠤᠯᠤᠭᠳᠠᠬᠤᠨ ᠭᠦᠨ ᠵᠤᠵᠠᠭᠠᠨ ᠶᠤᠮ᠂ ᠣᠳᠣᠬᠠᠨ ᠳᠤ ᠪᠢᠳᠡ ᠶᠠᠭ ᠤᠮᠠᠷᠠᠲᠤ ᠬᠢᠯᠢ ᠶᠢᠨ | ᠰᠣᠶᠣᠯ ᠤᠨ ᠲᠦᠷᠦᠯ ᠲᠡᠮᠳᠡᠭ ᠢ ᠨᠠᠷᠢᠨ ᠬᠢᠨᠠᠮᠠᠭᠠᠢ ᠪᠠᠷ ᠡᠭᠦᠳᠴᠦ ᠪᠠᠶᠢᠨ᠎ᠠ᠂ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠠᠴᠠ ᠨᠡᠩ ᠤᠯᠠᠨ | ᠵᠢᠯᠣᠭᠤᠳᠤᠯᠭ᠎ᠠ ᠪᠠ ᠳᠡᠮᠵᠢᠯᠭᠡ ᠦᠵᠡᠭᠦᠯᠭᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠰᠣᠶᠣᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ | ᠰᠤᠳᠤᠯᠭᠠᠨ ᠪᠣᠯᠣᠨ ᠨᠢᠭᠡᠳᠦᠮᠡᠯ ᠹᠷᠣᠨᠲ ᠤᠨ ᠬᠥᠮᠦᠵᠢᠯ ᠪᠣᠯᠪᠠᠰᠤᠷᠠᠯ ᠤᠨ ᠲᠠᠯ᠎ᠠ ᠪᠠᠷ ᠰᠠᠭᠤᠷᠢ ᠲᠠᠢ ᠨᠥᠬᠦᠴᠡᠯ ᠲᠠᠢ ᠶᠤᠮ᠂ ᠬᠤᠶᠠᠷ ᠲᠠᠯ᠎ᠠ ᠪᠠᠷ ᠢᠶᠠᠨ ᠳᠡᠭᠡᠳᠦ | ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠵᠡᠷᠭᠡ ᠬᠦᠷᠢᠶᠡᠨ ᠤ ᠤᠨᠤᠯ ᠤᠨ ᠰᠤᠳᠤᠯᠭᠠᠨ ᠢᠶᠠᠨ ᠬᠦᠴᠦ ᠪᠠᠨ ᠬᠠᠮᠲᠤᠳᠬᠠᠨ ᠴᠢᠩᠭᠠᠳᠬᠠᠵᠤ᠂ ᠬᠥᠮᠦᠵᠢᠯ ᠪᠣᠯᠪᠠᠰᠤᠷᠠᠯ ᠤᠨ ᠠᠵᠢᠯᠯᠠᠭ᠎ᠠ ᠶᠢ | ᠬᠠᠮᠲᠤᠷᠠᠨ ᠥᠷᠨᠢᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠷᠢᠯᠴᠠᠨ ᠠᠬᠢᠭᠤᠯᠵᠤ ᠬᠠᠮᠲᠤ ᠪᠠᠷ ᠠᠬᠢᠭᠤᠯᠬᠤ ᠶᠢ ᠨᠡᠩ ᠰᠠᠶᠢᠲᠤᠷ ᠪᠡᠶᠡᠯᠡᠭᠦᠯᠬᠦ ᠶᠢ ᠬᠦᠰᠡᠵᠦ | ᠪᠠᠶᠢᠨ᠎ᠠ ᠭᠡᠵᠦ ᠬᠡᠯᠡᠪᠡ᠃ | ᠵᠢᠢ ᠯᠢᠨ ᠥᠪᠥᠷ ᠮᠣᠩᠭᠤᠯ ᠠᠴᠠ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ | ᠢᠯᠡᠳᠬᠡᠵᠦ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠨᠢᠭᠡᠳᠦᠮᠡᠯ ᠹᠷᠣᠨᠲ ᠤᠨ ᠬᠥᠮᠦᠵᠢᠯ | ᠪᠣᠯᠪᠠᠰᠤᠷᠠᠯ ᠵᠡᠷᠭᠡ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠡᠷᠡ᠂ ᠲᠥᠪ ᠤᠨ ᠨᠡᠶᠢᠭᠡᠮ ᠵᠢᠷᠤᠮ ᠤᠨ ᠳᠡᠭᠡᠳᠦ | ᠰᠤᠷᠭᠠᠭᠤᠯᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠪᠠ ᠣᠷᠣᠨ ᠨᠤᠲᠤᠭ ᠤᠨ | ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠤᠭᠤᠷᠣᠨᠳᠣᠭᠢ ᠰᠣᠯᠢᠯᠴᠠᠭ᠎ᠠ ᠪᠠᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠷᠢᠯᠴᠠᠨ | ᠠᠰᠢᠭᠲᠠᠢ ᠬᠠᠮᠲᠤ ᠪᠠᠷ ᠡᠳ᠋ᠯᠡᠬᠦ ᠪᠠ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠭᠦ ᠶᠢ ᠠᠬᠢᠭᠤᠯᠵᠤ᠂ ᠥᠪᠥᠷ ᠮᠣᠩᠭᠤᠯ ᠤᠨ | ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠵᠦ ᠬᠡᠯᠡᠪᠡ᠃ | ᠬᠦᠦᠳᠠᠭᠤᠯᠠ᠂ ᠢᠦᠢ ᠯᠢ ᠰᠢᠨ ᠠᠭᠤᠯᠵᠠᠯᠲᠠ ᠳᠤ ᠣᠷᠣᠯᠴᠠᠪᠠ᠃ | |