9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ | 75 ᠵᠢᠯ ᠤᠨ ᠣᠶ ᠶᠢ ᠪᠡᠯᠭᠡᠯᠡᠬᠦ ᠶᠠᠷᠢᠯᠴᠠᠬᠤ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠭᠢᠯᠡᠪᠡ᠃ | | | | | | ᠶᠠᠷᠢᠯᠴᠠᠬᠤ ᠬᠤᠷᠠᠯ ᠳᠡᠭᠡᠷ᠎ᠡ᠂ 6 ᠨᠥᠬᠦᠷ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ | ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ | ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠬᠥᠭᠵᠢᠭᠦᠯᠵᠦ᠂ ᠮᠠᠰᠢ ᠴᠢᠩᠭ᠎ᠠ ᠤᠯᠤᠰ | ᠲᠥᠷᠥᠴᠢ ᠴᠢᠨᠠᠷ᠂ ᠦᠵᠡᠯ ᠰᠠᠨᠠᠭᠠᠲᠤ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠦᠢᠯᠡᠰ ᠤᠨ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠨᠠᠷᠢᠨ ᠬᠢᠨᠠᠮᠠᠭᠠᠢ ᠣᠶᠢᠯᠠᠭᠠᠵᠤ᠂ ᠭᠤᠣᠯ ᠠᠭᠤᠯᠭ᠎ᠠ ᠶᠢ ᠣᠨᠣᠪᠴᠢᠲᠠᠶ ᠡᠵᠡᠮᠳᠡᠵᠦ᠂ ︽ | ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠢᠶᠠᠷ᠂ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠮᠠᠨ ᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠬᠦ | ᠬᠡᠷᠡᠭᠲᠡᠢ ᠭᠡᠪᠡ᠃ | | | | | | ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠤᠨ ᠤᠳᠤᠷᠢᠳᠤᠯᠭ᠎ᠠ | ᠳᠣᠣᠷ᠎ᠠ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠡᠭᠡ ᠲᠠᠯ᠎ᠠ ᠳᠤ | ᠦᠢᠯᠡᠴᠢᠯᠡᠵᠦ᠂ ᠪᠦᠭᠦ ᠣᠷᠣᠨ ᠤ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠡᠨᠡ ᠬᠤᠶᠠᠷ ᠵᠢᠯ ᠳᠤ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠠᠵᠢᠯ ᠢᠶᠠᠨ ᠠᠮᠵᠢᠯᠲᠠ ᠲᠠᠢ | ᠰᠠᠶᠢᠬᠠᠨ ᠬᠢᠵᠡᠢ᠃ ᠰᠢᠨ᠎ᠡ ᠠᠶᠠᠨ ᠳᠤ᠂ ᠪᠦᠭᠦ ᠣᠷᠣᠨ ᠤ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠴᠢᠬᠤᠯᠠ ᠣᠶᠢᠯᠠᠭᠠᠭᠳᠠᠬᠤᠨ ᠢ ᠡᠷᠡᠰ ᠦᠢᠯᠡᠳᠦᠯᠭᠡᠵᠢᠭᠦᠯᠵᠦ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ | ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ | ᠬᠥᠮᠥᠰ ᠤᠨ ᠰᠡᠳᠬᠢᠯ ᠪᠠ ᠬᠦᠴᠦᠨ ᠴᠢᠳᠠᠯ ᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠳᠡᠭᠡᠷ᠎ᠡ ᠨᠢᠭᠲᠠᠷᠠᠭᠤᠯᠵᠤ᠂ ᠡᠯ᠎ᠡ ᠲᠠᠯ᠎ᠠ ᠶᠢᠨ ᠬᠢᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠢ | ᠬᠥᠲᠥᠯᠥᠨ ᠳᠠᠭᠠᠭᠤᠯᠵᠤ᠂ ᠥᠪᠥᠷ ᠮᠣᠩᠭᠤᠯ ᠤᠨ ᠶᠠᠪᠤᠳᠠᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠵᠥᠪᠯᠡᠬᠦ ᠠᠷᠠᠳᠴᠢᠯᠠᠯ ᠢ ᠥᠷᠭᠡᠨ ᠳᠡᠯᠭᠡᠷ ᠣᠯᠠᠨ ᠳᠠᠪᠬᠤᠷᠭ᠎ᠠ ᠪᠠᠷ ᠳᠦᠷᠢᠮᠵᠢᠭᠦᠯᠦᠨ ᠬᠥᠭᠵᠢᠭᠦᠯᠬᠦ ᠶᠢ ᠯᠠᠪᠳᠠᠭᠤᠨ ᠪᠠᠲᠤᠲᠠᠢ | ᠠᠬᠢᠭᠤᠯᠵᠤ᠂ ᠶᠠᠭᠠᠬᠢᠵᠤ ᠵᠥᠪᠳᠡᠯᠴᠡᠪᠡᠯ ᠪᠦᠲᠦᠮᠵᠢᠲᠡᠶ ᠪᠣᠯ ᠲᠡᠭᠡᠵᠦ ᠬᠢᠵᠦ᠂ ᠨᠠᠮ ᠤᠨ ᠲᠥᠪ ᠬᠤᠷᠢᠶ᠎ᠠ ᠶᠠᠭᠤ ᠶᠢ ᠬᠠᠯᠠᠮᠵᠢᠯᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠠᠭᠤ ᠶᠢ ᠭᠤᠣᠯᠯᠠᠨ ᠠᠳᠬᠤᠵᠤ᠂ ᠠᠷᠠᠳ ᠣᠯᠠᠨ ᠶᠠᠭᠤ ᠶᠢ ᠠᠩᠬᠠᠷᠴᠤ ᠪᠠᠶᠢᠪᠠᠯ ᠶᠠᠭᠤ ᠶᠢ ᠭᠤᠣᠯᠳᠠᠯᠭ᠎ᠠ ᠲᠠᠢ ᠵᠥᠪᠳᠡᠯᠴᠡᠵᠦ᠂ | ᠵᠥᠪᠯᠡᠯᠭᠡ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠬᠦᠴᠦᠯᠡᠨ ᠪᠠᠬᠢᠵᠢᠭᠦᠯᠬᠦ | ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠲᠠᠷᠢᠬᠢ ᠲᠣᠯᠣᠭᠠᠢ ᠪᠠᠨ ᠬᠥᠳᠡᠯᠭᠡᠨ ᠦᠨᠡᠨ ᠦᠭᠡ ᠬᠡᠯᠡᠵᠦ᠂ ᠰᠠᠶᠢᠨ | ᠠᠷᠭ᠎ᠠ ᠪᠣᠳᠣᠯᠭ᠎ᠠ ᠳᠡᠪᠰᠢᠭᠦᠯᠵᠦ᠂ ᠨᠡᠶᠢᠭᠡᠮ ᠤᠨ ᠡᠯ᠎ᠡ ᠡᠲᠡᠭᠡᠳ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠦᠭᠡ ᠬᠡᠯᠡᠵᠦ᠂ ᠮᠠᠨ ᠤ ᠣᠷᠣᠨ ᠤ ᠬᠥᠭᠵᠢᠯᠲᠡ ᠶᠢᠨ ᠰᠠᠶᠢᠨ ᠬᠠᠨᠳᠤᠰᠢ᠂ ᠰᠠᠶᠢᠨ ᠢᠷᠡᠭᠡᠳᠦᠢ ᠶᠢ ᠤᠷᠮᠠᠰᠢᠭᠤᠯᠤᠨ ᠵᠣᠷᠢᠭᠵᠢᠭᠤᠯᠵᠤ᠂ | ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠳᠦᠷᠢᠮ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ | ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠪᠦᠭᠦ ᠲᠠᠯ᠎ᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢ ᠪᠦᠭᠦ ᠬᠦᠴᠦ ᠪᠠᠷ ᠢᠶᠠᠨ ᠳᠡᠮᠵᠢᠬᠦ ᠬᠡᠷᠡᠭᠲᠡᠢ᠃ ᠡᠯ᠎ᠡ | ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠷᠢᠯᠴᠠᠭ᠎ᠠ ᠬᠠᠮᠵᠢᠯᠴᠠᠭ᠎ᠠ ᠪᠠᠨ | ᠨᠢᠭᠲᠠᠷᠠᠭᠤᠯᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ | ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ | ᠣᠷᠣᠨ ᠤ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ | ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠡᠰᠡᠭ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷᠴᠤᠳ ᠶᠠᠷᠢᠯᠴᠠᠬᠤ ᠬᠤᠷᠠᠯ ᠳᠤ ᠣᠷᠣᠯᠴᠠᠵᠠᠢ᠃ | |