ᠮᠠᠨᠵᠤᠤᠷ ᠪᠠ ᠯᠦ ᠪᠢᠨ ᠰᠢᠶᠠᠨ ᠤ ᠲᠤᠬᠠᠢ ᠤᠯᠠᠨ ᠵᠢᠯ ᠤᠨ ᠲᠤᠷᠰᠢ ᠠᠳᠠᠯᠢ ᠪᠤᠰᠤ ᠶᠢᠨ ᠬᠡᠯᠡᠯᠭᠡ ᠪᠠᠶᠢᠳᠠᠭ᠃ 1979 ᠤᠨ ᠳᠤ ᠬᠡᠪᠯᠡᠭᠳᠡᠭᠰᠡᠨ ᠭᠤᠷᠪᠠᠨ | ᠪᠤᠳᠢ ︽ᠦᠭᠡᠰ ᠤᠨ ᠳᠠᠯᠠᠢ︾ ᠳᠤ᠂ ︽ᠮᠠᠨᠵᠤᠤᠷ︾ ᠤᠨ ᠲᠤᠬᠠᠢ ᠳᠠᠶᠢᠯᠪᠦᠷᠢ ᠳᠤ ︽ᠮᠠᠨᠵᠤᠤᠷ ᠁ ᠴᠢᠩ ᠤᠯᠤᠰ ᠤᠨ ᠰᠡᠬᠦᠯᠴᠢ ᠶᠢᠨ ᠦᠶ᠎ᠡ ᠳᠤ ᠯᠦ ᠪᠢᠨ | ᠹᠦ᠋ ᠲᠤᠬᠢᠷᠠᠭᠤᠯᠵᠤ᠂ 1913 ᠤᠨ ᠳᠤ ᠰᠢᠶᠠᠨ ᠪᠤᠯᠭᠠᠵᠤ ᠦᠭᠡᠷᠡᠴᠢᠯᠡᠨ᠂ 1934 ᠤᠨ ᠳᠤ ᠮᠠᠨᠵᠤᠤᠷ ᠬᠤᠳᠠ ᠬᠡᠮᠡᠨ ᠲᠤᠬᠢᠷᠠᠭᠤᠯᠤᠨ ᠪᠠᠶᠢᠭᠤᠯᠵᠠᠢ︾ ᠬᠡᠵᠡᠢ᠃ | ᠡᠶᠢᠮᠦᠷᠬᠦ ᠳᠠᠶᠢᠯᠪᠦᠷᠢ ᠨᠢ ᠪᠠᠰᠠ ᠤᠨᠤᠪᠴᠢ ᠦᠭᠡᠢ ᠭᠡᠳᠡᠭ ᠨᠢ ᠢᠯᠡᠷᠭᠡᠢ᠃ ᠤᠯᠡᠮ ᠢᠶᠠᠷ ᠳᠤᠳᠤᠷᠠᠭᠤᠯᠬᠤ ᠬᠡᠷᠡᠭᠳᠡᠢ ᠪᠠᠶᠢᠨ᠎ᠠ᠃ | ︽ᠮᠠᠨᠵᠤᠤᠷ︾ ᠭᠡᠬᠦ ᠭᠠᠵᠠᠷ ᠤᠨ ᠨᠡᠷ᠎ᠠ 1901 ᠤᠨ ᠳᠤ ᠢᠯᠡᠷᠡᠭᠰᠡᠨ᠃ ᠡᠬᠦᠨ ᠠᠴᠠ ᠡᠮᠦᠨ᠎ᠡ ᠮᠠᠨᠵᠤᠤᠷ ᠤᠷᠤᠨ ᠢ ︽ᠪᠤᠷᠬᠢᠯᠠᠬᠤ ᠪᠤᠯᠠᠭ︾ ᠭᠡᠵᠤ | ᠳᠠᠭᠤᠳᠠᠵᠤ᠂ ᠦᠨᠦᠳᠦᠷ ᠤᠨ ᠮᠠᠨᠵᠤᠤᠷ ᠬᠤᠳᠠ ᠶᠢᠨ ᠬᠤᠶᠢᠲᠦ ᠠᠶᠢᠯ ᠤᠨ ᠬᠠᠪᠢ ᠳᠤ ᠪᠠᠶᠢᠳᠠᠭ ᠪᠤᠯᠠᠭ ᠢᠶᠠᠷ ᠨᠡᠷᠡᠯᠡᠭᠰᠡᠨ ᠪᠠᠶᠢᠳᠠᠭ᠃ 1901 ᠤᠨ ᠳᠤ᠂ | ᠲᠤᠷᠤᠨᠠᠳᠤ ᠶᠢᠨ ᠳᠡᠮᠦᠷ ᠵᠠᠮ ᠤᠨ ᠬᠢᠨ ᠠᠳᠡ ᠳᠡᠮᠦᠷ ᠵᠠᠮ ᠤᠨ ᠦᠷᠳᠡᠭᠡ ᠪᠠᠶᠢᠭᠤᠯᠵᠤ᠂ ᠦᠷᠳᠡᠭᠡᠨ ᠤ ᠨᠡᠷ᠎ᠠ ᠶᠢ ︽ᠮᠠᠨᠵᠤᠤᠷ︾ ᠭᠡᠮᠡᠵᠤ᠂ ︽ᠠᠳᠡ ᠠᠴᠠ | ᠡᠬᠢᠯᠡᠵᠤ ᠮᠠᠨᠵᠤ ᠴᠢᠩ ᠤᠨ ᠬᠠᠷᠢᠶᠠᠲᠦ ᠭᠠᠵᠠᠷ ᠪᠤᠯᠵᠤᠬᠤᠢ︾ ᠭᠡᠰᠡᠨ ᠤᠳᠬ᠎ᠠ ᠪᠠᠷ ᠨᠡᠷᠡᠯᠡᠵᠥ ᠪᠠᠶᠢᠬᠰᠠᠨ ᠪᠠᠶᠢᠨ᠎ᠠ᠃ | 1903 ᠤᠨ ᠳᠤ ᠳᠡᠮᠦᠷ ᠵᠠᠮ ᠢᠶᠠᠷ ᠲᠡᠷᠭᠡ ᠨᠡᠪᠳᠡᠷᠡᠭᠰᠡᠨ ᠤ ᠳᠠᠷᠠᠭ᠎ᠠ᠂ ᠴᠠᠭᠠᠨ ᠬᠠᠭᠠᠨᠲᠤ ᠤᠷᠤᠰ — ᠮᠠᠨᠵᠤᠤᠷ ᠳᠡᠮᠦᠷ ᠵᠠᠮ ᠤᠨ ᠬᠤᠶᠠᠷ ᠲᠠᠯ᠎ᠠ ᠶᠢᠨ | ᠪᠠᠷᠤᠭ ᠳᠦᠷᠪᠡᠨ ᠲᠡᠭᠰᠢ ᠲᠦᠷᠪᠡᠯᠵᠢᠨ ᠺᠢᠯᠦᠮᠧᠳ᠋ᠷ ᠭᠠᠵᠠᠷ ᠢ ᠲᠤᠷᠤᠨᠠᠳᠤ ᠶᠢᠨ ᠳᠡᠮᠦᠷ ᠵᠠᠮ ᠤᠨ ᠬᠠᠷᠢᠶᠠᠳᠦ ᠭᠠᠵᠠᠷ ᠪᠤᠯᠭᠠᠵᠤ᠂ ᠠᠯᠪᠠᠳᠠᠯᠭ᠎ᠠ ᠶᠢᠨ ᠴᠢᠨᠠᠷᠲᠠᠢ ᠪᠠᠷ | ᠤᠷᠤᠰ ᠬᠦᠮᠦᠨ ᠢᠶᠠᠷ ᠬᠠᠮᠢᠶᠠᠷᠤᠭᠤᠯᠵᠠᠢ᠃ 1908 ᠤᠨ ᠤ 2 ᠰᠠᠷ᠎ᠠ ᠳᠤ᠂ ᠮᠠᠨᠵᠤᠤᠷ ᠲᠤ ︽ᠮᠠᠨᠵᠤᠤᠷ ᠤᠨ ᠦᠪᠡᠷᠳᠡᠭᠡᠨ ᠵᠠᠰᠠᠬᠤ ᠵᠦᠪᠯᠡᠯ︾ | ᠪᠠᠶᠢᠭᠤᠯᠤᠭᠳᠠᠵᠤ᠂ ᠤᠷᠤᠰ ᠬᠦᠮᠦᠨ ᠭᠡᠷᠡᠭ ᠮᠡᠳᠡᠭᠴᠢᠳ ᠤᠨ ᠳᠠᠷᠤᠭ᠎ᠠ ᠪᠤᠯᠵᠤ᠂ ᠬᠠᠷᠢᠶᠠᠳᠦ ᠤᠷᠤᠨ ᠳᠤᠳᠤᠷᠠᠬᠢ ᠠᠯᠢᠪᠠ ᠵᠠᠰᠠᠭ ᠵᠠᠬᠢᠷᠭᠠᠨ ᠤ ᠭᠡᠷᠡᠭ ᠶᠠᠪᠤᠳᠠᠯ ᠢ | ᠪᠦᠷ ︽ᠦᠪᠡᠷᠳᠡᠭᠡᠨ ᠵᠠᠰᠠᠬᠤ ᠵᠦᠪᠯᠡᠯ︾ ᠬᠠᠮᠢᠶᠠᠷᠴᠤ᠂ ᠤᠷᠤᠰ ᠤᠨ ᠬᠢᠨ ᠬᠠᠦᠯᠢ ᠴᠠᠭᠠᠵᠠ ᠪᠠᠷ ᠭᠡᠷᠡᠭ ᠶᠠᠪᠤᠳᠠᠯ ᠢ ᠰᠢᠢᠳᠪᠦᠷᠢᠯᠡᠬᠦ ᠪᠦᠭᠡᠳ ᠬᠢᠨᠳᠠᠨ ᠪᠠᠶᠢᠭᠤᠯᠵᠤ | ᠂ ᠮᠠᠨᠵᠤᠤᠷ ᠤᠨ ᠵᠠᠰᠠᠭ ᠵᠠᠬᠢᠷᠭᠠᠨ ᠤ ᠡᠷᠭᠡ ᠶᠢ ᠪᠤᠯᠢᠶᠠᠨ ᠠᠪᠴᠠᠢ᠃ | 1917 ᠤᠨ ᠠᠴᠠ ᠰᠡᠬᠦᠯᠡᠷ᠂ ᠳᠤᠮᠳᠠᠳᠦ ᠤᠯᠤᠰ ᠤᠨ ᠵᠡᠬᠦᠨ ᠬᠤᠶᠢᠲᠦ ᠤᠷᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠠᠴᠠ ᠲᠤᠷᠤᠨᠠᠳᠤ ᠶᠢᠨ | ᠳᠡᠮᠦᠷ ᠵᠠᠮ ᠤᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠡᠷᠭᠡ ᠪᠠᠨ ᠵᠠᠯᠭᠠᠪᠠᠷ ᠪᠤᠴᠠᠭᠠᠨ ᠠᠪᠴᠢᠷᠠᠵᠠᠢ᠃ 1923 ᠤᠨ ᠤ 3 ᠰᠠᠷᠠᠶᠢᠨ 1 ᠤ ᠡᠳᠦᠷ᠂ | ᠬᠠᠷᠪᠢᠨ ᠳᠤ ︽ᠵᠡᠬᠦᠨ ᠮᠤᠵᠢ ᠶᠢᠨ ᠤᠨᠴᠠᠭᠠᠢ ᠤᠷᠤᠨ ᠤ ᠵᠠᠰᠠᠭ ᠵᠠᠬᠢᠷᠭᠠᠨ ᠤ ᠨᠤᠶᠠᠨ ᠤ ᠠᠯᠪᠠᠨ ᠶᠠᠮᠤᠨ︾ ᠢ ᠵᠢᠩᠬᠢᠨᠢ ᠪᠠᠷ ᠪᠠᠶᠢᠭᠤᠯᠵᠤ᠂ ᠲᠤᠷᠤᠨᠠᠳᠤ ᠶᠢᠨ ᠳᠡᠮᠦᠷ | ᠵᠠᠮ ᠲᠠᠭᠠᠤ ᠡᠯ᠎ᠡ ᠦᠷᠳᠡᠭᠡᠨ ᠤ ᠵᠠᠰᠭ ᠵᠠᠬᠢᠷᠭᠠᠨ ᠤ ᠭᠡᠷᠡᠭ ᠶᠠᠪᠤᠳᠠᠯ ᠢ ᠡᠷᠬᠢᠯᠡᠨ ᠬᠠᠮᠢᠶᠠᠷᠴᠠᠢ᠃ 1923 ᠤᠨ ᠤ 4 ᠰᠠᠷ᠎ᠠ ᠳᠤ᠂ ᠮᠠᠨᠵᠤᠤᠷ ᠤᠨ ᠬᠤᠳᠠ ᠶᠢᠨ | ᠶᠠᠪᠤᠳᠠᠯ ᠤᠨ ᠬᠤᠪᠢᠶᠠᠷᠢ ᠲᠤᠪᠴᠢᠶ᠎ᠠ ᠶᠢ ᠪᠠᠶᠢᠭᠤᠯᠵᠤ᠂ ᠳᠤᠮᠳᠠᠳᠤ ᠤᠯᠤᠰ ᠤᠨ ᠬᠦᠮᠤᠨ ᠳᠤᠪᠴᠢᠶᠠᠨ ᠳᠠᠷᠤᠭ᠎ᠠ ᠶᠢ ᠡᠭᠦᠷᠭᠡᠯᠡᠨ᠂ ᠬᠤᠳᠠ ᠶᠢᠨ ᠶᠠᠪᠤᠳᠠᠯ ᠢ | ᠬᠠᠮᠢᠶᠠᠷᠬᠤ ᠶᠢᠨ ᠵᠡᠷᠭᠡ ᠪᠠᠷ ᠳᠡᠮᠦᠷ ᠵᠠᠮ ᠤᠨ ᠬᠠᠷᠢᠯᠴᠠᠭᠠᠨ ᠤ ᠬᠠᠮᠢᠶ᠎ᠠ ᠪᠦᠬᠦᠢ ᠠᠵᠢᠯ ᠢ ᠬᠠᠮᠢᠶᠠᠷᠴᠠᠢ᠃ 1926 ᠤᠨ ᠳᠤ ᠬᠤᠳᠠ ᠶᠢᠨ ᠶᠠᠪᠤᠳᠠᠯ ᠤᠨ ᠠᠯᠪᠠᠨ ᠤ | ᠭᠠᠵᠠᠷ ᠬᠡᠵᠤ ᠦᠭᠡᠷᠡᠴᠢᠯᠡᠨ᠂ ᠶᠠᠫᠤᠨ ᠲᠦᠷᠢᠮᠡᠬᠡᠶᠢᠯᠡᠭᠴᠢᠳ ᠲᠤᠰ ᠤᠷᠤᠨ ᠳᠤ ᠤᠷᠤᠵᠤ ᠢᠷᠡᠬᠦ ᠠᠴᠠ ᠡᠮᠦᠨ᠎ᠡ ᠪᠤᠯᠳᠠᠯ᠎ᠠ᠂ ᠮᠠᠨᠵᠤᠤᠷ ᠤᠨ ᠬᠤᠳᠠ ᠶᠢᠨ | ᠶᠠᠪᠤᠳᠠᠯ ᠤᠨ ᠠᠯᠪᠠᠨ ᠤ ᠭᠠᠵᠠᠷ ᠪᠦᠬᠦᠨ ᠢᠶᠠᠷ ᠢᠶᠠᠨ ᠲᠤᠷᠤᠨᠠᠳᠤ ᠶᠢᠨ ᠳᠡᠮᠦᠷ ᠵᠠᠮ ᠤᠨ ︽ᠵᠡᠬᠦᠨ ᠮᠤᠵᠢ ᠶᠢᠨ ᠤᠨᠴᠠᠭᠠᠢ ᠤᠷᠤᠨ ᠤ ᠵᠠᠰᠠᠭ ᠵᠠᠬᠢᠷᠭᠠᠨ ᠤ ᠨᠤᠶᠠᠨ ᠤ | ᠠᠯᠪᠠᠨ ᠶᠠᠮᠤᠨ︾ ᠳᠤ ᠬᠠᠮᠢᠶᠠᠷᠤᠭᠳᠠᠵᠤ ᠪᠠᠶᠢᠵᠠᠢ᠃ | ᠯᠦ ᠪᠢᠨ ᠰᠢᠶᠠᠨ ᠪᠤᠯ ᠯᠦ ᠪᠢᠨ ᠹᠦ᠋ ᠶᠢᠨ ᠰᠠᠭᠤᠷᠢᠨ ᠳᠡᠭᠡᠷ᠎ᠡ ᠪᠠᠶᠢᠭᠤᠯᠤᠭᠰᠠᠨ ᠪᠠᠶᠢᠳᠠᠭ᠃ 1908 ᠤᠨ ᠳᠤ᠂ ᠬᠢᠯᠢ ᠶᠢᠨ ᠰᠡᠷᠭᠡᠶᠢᠯᠡᠯᠳᠡ ᠪᠠᠨ | ᠴᠢᠩᠭᠠᠳᠬᠠᠬᠤ ᠶᠢᠨ ᠲᠦᠯᠦᠭᠡ᠂ ᠴᠢᠩ ᠤᠯᠤᠰ ᠤᠨ ᠵᠠᠰᠠᠭ ᠤᠨ ᠭᠠᠵᠠᠷ ᠦᠨᠦᠳᠦᠷ ᠤᠨ ᠮᠠᠨᠵᠤᠤᠷ ᠬᠤᠳᠠ ᠶᠢᠨ ᠪᠠᠷᠠᠭᠤᠨ ᠭᠡᠰᠡᠭ ᠲᠠᠬᠢ ᠳᠡᠮᠦᠷ ᠵᠠᠮ ᠤᠨ ᠪᠠᠷᠠᠭᠤᠨ | ᠶᠡᠭᠡ ᠬᠦᠬᠦᠷᠭᠡ ᠠᠴᠠ ᠡᠮᠦᠨ᠎ᠡ ᠪᠠᠷᠤᠭ ᠬᠤᠶᠠᠷ ᠺᠢᠯᠦᠮᠧᠳ᠋ᠷ ᠤᠷᠴᠢᠮ ᠭᠠᠵᠠᠷ ᠲᠤ ᠸᠠᠭᠠᠷ ᠤᠨ ᠪᠠᠶᠢᠰᠢᠩ ᠠᠷᠪᠠᠨ ᠨᠠᠢᠮᠠᠨ ᠲᠠᠰᠤᠯᠭ᠎ᠠ ᠪᠠᠶᠢᠭᠤᠯᠵᠤ᠂ ᠯᠦ ᠪᠢᠨ ᠹᠦ᠋ ᠶᠢ | ᠪᠠᠶᠢᠭᠤᠯᠵᠠᠢ᠃ ︽ᠯᠦ ᠪᠢᠨ︾ ᠨᠡᠷᠡᠶᠢᠳᠦᠯ ᠪᠤᠯ ︽ᠯᠦ ᠪᠢᠨ ᠭᠤᠤᠯ︾ ︵ᠦᠨᠦᠳᠦᠷ ᠤᠨ ᠭᠡᠷᠦᠯᠦᠨ ᠭᠤᠤᠯ︶ ᠠᠴᠠ ᠢᠷᠡᠯᠳᠡᠢ᠃ ᠲᠡᠬᠦᠨ ᠤ ᠬᠠᠷᠢᠶᠠᠯᠠᠵᠤ | ᠪᠠᠭᠳᠠᠭᠠᠬᠤ ᠤᠷᠤᠨ ᠭᠡᠪᠡᠯ᠂ ᠵᠡᠬᠦᠨ ᠪᠠᠷᠠᠭᠤᠨᠰᠢ ᠦᠷᠭᠡᠨ ᠢᠶᠠᠷ 325 ᠺᠢᠯᠦᠮᠧᠳ᠋ᠷ᠂ ᠡᠮᠦᠨ᠎ᠡ ᠤᠮᠠᠷᠠᠰᠢ ᠤᠷᠳᠦ ᠪᠠᠷ 307.5 ᠺᠢᠯᠦᠮᠧᠳ᠋ᠷ ᠪᠠᠶᠢᠵᠤ᠂ ᠪᠦᠬᠦ | ᠳᠠᠯᠠᠪᠠᠢ ᠨᠢ 99937.5 ᠲᠡᠭᠰᠢ ᠲᠦᠷᠪᠡᠯᠵᠢᠨ ᠺᠢᠯᠦᠮᠧᠳ᠋ᠷ ᠪᠤᠯᠤᠨ᠎ᠠ᠃ 1912 ᠤᠨ ᠤ 2 ᠰᠠᠷᠠᠶᠢᠨ 4 ᠳᠤ᠂ ᠬᠦᠯᠦᠨ ᠪᠤᠶᠢᠷ ᠤᠨ ᠮᠤᠩᠭᠤᠯ | ᠬᠤᠰᠢᠭᠤᠤᠨ ᠤᠨ ᠳᠡᠭᠡᠳᠦ ᠳᠠᠪᠬᠤᠷᠭᠠᠳᠠᠳ ᠤᠷᠤᠰ ᠤᠨ ᠵᠡᠪᠰᠡᠭᠲᠦ ᠬᠦᠴᠦᠨ ᠤ ᠳᠡᠮᠵᠢᠯᠭᠡ ᠳᠤᠤᠷ᠎ᠠ᠂ ᠴᠡᠷᠢᠭ ᠳᠠᠶᠢᠴᠢᠯᠠᠨ ᠯᠦ ᠪᠢᠨ ᠹᠦ᠋ ᠶᠢ ᠳᠠᠭᠠᠷᠢᠨ ᠡᠵᠡᠯᠡᠵᠤ᠂ | ᠯᠦ ᠪᠢᠨ ᠹᠦ᠋ ᠶᠢᠨ ᠵᠠᠰᠠᠭ ᠢ ᠰᠦᠢᠷᠡᠬᠦᠯᠦᠭᠰᠡᠨ ᠪᠠᠶᠢᠨ᠎ᠠ᠃ 1914 ᠤᠨ ᠳᠤ ᠳᠤᠮᠳᠠᠳᠤ ᠤᠯᠤᠰ ᠤᠨ ᠵᠡᠬᠦᠨ ᠬᠤᠶᠢᠲᠦ ᠶᠢᠨ ᠤᠷᠤᠨ ᠨᠤᠳᠤᠭ ᠤᠨ ᠵᠠᠰᠠᠭ ᠤᠨ | ᠤᠷᠳᠤᠨ ᠯᠦ ᠪᠢᠨ ᠹᠦ᠋ ᠶᠢ ᠰᠢᠶᠠᠨ ᠭᠡᠵᠤ ᠨᠡᠷᠡᠶᠢᠳᠤᠭᠰᠡᠨ ᠪᠤᠯᠪᠠᠴᠤ᠂ ᠬᠦᠯᠦᠨ ᠪᠤᠶᠢᠷ ᠤᠨ ᠮᠤᠩᠭᠤᠯ ᠬᠤᠰᠢᠭᠤᠤᠨ ᠤᠨ ᠳᠡᠭᠡᠲᠦ ᠳᠠᠪᠬᠤᠷᠭᠠᠳᠠᠳ ᠦᠪᠡᠷᠳᠡᠭᠡᠨ | ᠵᠠᠰᠠᠬᠤ ᠵᠠᠰᠠᠭ ᠤᠷᠳᠤᠨ ᠪᠠᠶᠢᠭᠤᠯᠵᠤ ᠬᠠᠷᠠᠮᠦ᠋ᠷᠡᠨ ᠮᠤᠵᠢ ᠶᠢᠨ ᠬᠠᠮᠢᠶᠠᠷᠤᠯᠳᠠ ᠠᠴᠠ ᠮᠤᠯᠳᠤᠷᠠᠬᠰᠠᠨ ᠠᠴᠠ ᠬᠡᠷᠡᠭᠵᠢᠭᠦᠯᠦᠭᠳᠡᠭᠰᠡᠨ ᠦᠭᠡᠢ ᠪᠠᠶᠢᠳᠠᠭ᠃ 1920 | ᠤᠨ ᠳᠤ᠂ ᠬᠦᠯᠦᠨ ᠪᠤᠶᠢᠷ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠠᠴᠠ ︽ᠦᠪᠡᠷᠳᠡᠭᠡᠨ ᠵᠠᠰᠠᠬᠤ︾ ᠪᠠᠨ ᠦᠭᠡᠶᠢᠰᠭᠡᠬᠦ ᠪᠠᠷ ᠨᠡᠶᠢᠳᠡᠯᠡᠵᠤ᠂ ᠳᠤᠮᠳᠠᠳᠤ | ᠤᠯᠤᠰ ᠤᠨ ᠵᠡᠬᠦᠨ ᠬᠤᠶᠢᠲᠦ ᠶᠢᠨ ᠭᠠᠵᠠᠷ ᠤᠷᠤᠨ ᠤ ᠵᠠᠰᠠᠭ ᠤᠨ ᠤᠷᠳᠤᠨ 1920 ᠤᠨ ᠤ 2 ᠰᠠᠷᠠᠶᠢᠨ 18 ᠤ ᠡᠳᠦᠷ ᠤᠤᠯ ᠤᠨ ᠯᠦ ᠪᠢᠨ ᠹᠦ᠋ ᠶᠢᠨ | ᠤᠷᠤᠨ ᠳᠤ ᠯᠦ ᠪᠢᠨ ᠰᠢᠶᠠᠨ ᠢ ᠪᠠᠶᠢᠭᠤᠯᠵᠤ᠂ ᠬᠠᠷᠢᠶᠠᠲᠦ ᠭᠠᠵᠠᠷ ᠢ ᠨᠢ ᠬᠤᠪᠢᠷᠠᠭᠤᠯᠤᠭᠰᠠᠨ ᠦᠭᠡᠢ᠂ ᠬᠠᠷᠠᠮᠦ᠋ᠷᠡᠨ ᠮᠤᠵᠢ ᠳᠤ ᠬᠠᠷᠢᠶᠠᠯᠠᠭᠤᠯᠵᠠᠢ᠃ 1921 | ᠤᠨ ᠤ 9 ᠰᠠᠷᠠᠶᠢᠨ 1 ᠤ ᠡᠳᠦᠷ᠂ ᠯᠦ ᠪᠢᠨ ᠰᠢᠶᠠᠨ ᠤ ᠠᠯᠪᠠᠨ ᠶᠠᠮᠤᠨ ᠮᠠᠨᠵᠤᠤᠷ ᠤᠨ ᠬᠤᠳᠠ ᠶᠢᠨ ᠶᠠᠪᠤᠳᠠᠯ ᠤᠨ ᠬᠤᠪᠢᠶᠠᠷᠢ ᠳᠤᠪᠴᠢᠶᠠᠨ ᠤ ᠵᠦᠪᠰᠢᠶᠡᠷᠡᠯ ᠢᠶᠠᠷ | ᠮᠠᠨᠵᠤᠤᠷ ᠤᠨ ᠲᠡᠮᠦᠷ ᠵᠠᠮ ᠤᠨ ᠬᠤᠶᠢᠨᠠᠬᠢ ᠳᠦᠷᠪᠡᠳᠦᠭᠡᠷ ᠵᠡᠭᠡᠯᠢ ᠶᠢᠨ ᠠᠯᠪᠠᠯᠠᠬᠤ ᠭᠠᠵᠠᠷ ᠲᠤ ᠠᠯᠪᠠᠯᠠᠵᠠᠢ᠃ 1932 ᠤᠨ ᠤ ᠰᠡᠬᠦᠯᠴᠢ᠂ ᠶᠠᠫᠤᠨ | ᠲᠦᠷᠢᠮᠡᠬᠡᠶᠢᠯᠡᠭᠴᠢᠳ ᠬᠦᠯᠦᠨ ᠪᠤᠶᠢᠷ ᠤᠷᠤᠨ ᠳᠤ ᠤᠷᠤᠵᠤ ᠢᠷᠡᠭᠰᠡᠨ ᠤ ᠳᠠᠷᠠᠭ᠎ᠠ᠂ ᠯᠦ ᠪᠢᠨ ᠰᠢᠶᠠᠨ ᠢ ᠬᠦᠴᠦᠨ ᠦᠭᠡᠢ ᠪᠤᠯᠭᠠᠵᠤ᠂ ᠳᠡᠬᠦᠨ ᠤ ᠬᠠᠷᠢᠶᠠᠲᠦ | ᠭᠠᠵᠠᠷ ᠤᠷᠤᠨ ᠢ ᠡᠯ᠎ᠡ ᠬᠤᠰᠢᠭᠤ ᠪᠠ ᠮᠠᠨᠵᠤᠤᠷ ᠲᠤ ᠬᠤᠪᠢᠶᠠᠨ ᠲᠠᠰᠤᠳᠠᠵᠤ ᠬᠠᠷᠢᠶᠠᠯᠠᠭᠤᠯᠵᠠᠢ᠃ | ᠦᠬᠦᠯᠡᠨ ᠪᠤᠢ ᠵᠤᠬᠢᠶᠠᠯ ᠢᠶᠠᠨ ᠬᠤᠷᠢᠶᠠᠩᠭᠤᠢᠢᠯᠠᠪᠠᠯ᠂ ᠮᠠᠨᠵᠤᠤᠷ ᠪᠠ ᠯᠦ ᠪᠢᠨ ᠰᠢᠶᠠᠨ 1932 ᠤᠨ ᠠᠴᠠ ᠡᠮᠦᠨ᠎ᠡ ᠪᠤᠯᠳᠠᠯ᠎ᠠ ᠬᠤᠶᠠᠷ ᠠᠳᠠᠯᠢ ᠪᠤᠰᠤ ᠵᠠᠰᠠᠭ | ᠵᠠᠬᠢᠷᠭᠠᠨ ᠤ ᠨᠢᠭᠡᠴᠡ ᠪᠠᠶᠢᠵᠤ᠂ ᠠᠳᠠᠯᠢ ᠪᠤᠰᠤ ᠬᠠᠷᠢᠶᠠᠲᠦ ᠤᠷᠤᠨ ᠤ ᠬᠡᠪᠴᠢᠶᠡᠨ ᠳᠤ ᠪᠠᠶᠢᠬᠰᠠᠨ ᠪᠦᠭᠡᠳ ᠠᠳᠠᠯᠢ ᠪᠤᠰᠤ ᠵᠠᠰᠠᠭ ᠵᠠᠬᠢᠷᠭᠠᠨ ᠤ ᠬᠤᠪᠢᠶᠠᠷᠢᠯᠠᠯ ᠲᠠᠢ | ᠪᠠᠶᠢᠭᠰᠠᠨ ᠶᠤᠮ᠃ ᠢᠢᠮᠦ ᠠᠴᠠ᠂ ᠯᠦ ᠪᠢᠨ ᠰᠢᠶᠠᠨ ᠪᠤᠯ ᠳᠠᠷᠦᠢ ᠮᠠᠨᠵᠤᠤᠷ ᠬᠡᠬᠦ ᠪᠤᠶᠤ ᠮᠠᠨᠵᠤᠤᠷ ᠪᠤᠯ ᠳᠠᠷᠤᠢ ᠯᠦ ᠪᠢᠨ ᠰᠢᠶᠠᠨ ᠭᠡᠵᠤ ᠨᠡᠷᠡᠯᠡᠵᠥ ᠤᠢᠢᠯᠠᠭᠠᠵᠤ | ᠪᠤᠯᠬᠤ ᠦᠭᠡᠢ᠃ | ᠵᠣᠬᠢᠶᠠᠭᠴᠢ᠄ ᠰᠢᠤᠢ ᠰᠢᠤᠸᠠᠢ ᠵᠢᠶᠦ᠋ᠨ |