| ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ 9 ᠳ᠋ᠦ᠋ᠭᠡᠷ ᠰᠠᠷ᠎ᠠ ᠶᠢᠨ 10 ᠤ ᠡᠳᠦᠷ ︽ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ︾ ᠰᠢᠷᠢᠰ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ | ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠪᠠ᠃ | ᠬᠠᠮᠲᠤ ᠳᠤ ᠪᠠᠨ ᠣᠶᠢᠯᠠᠭᠠᠵᠤ ᠠᠪᠤᠶ᠎ᠠ︕ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠪᠠᠯ ᠬᠦᠨᠳᠦ ᠡᠪᠡᠳᠴᠢᠨ ᠤ ᠳᠠᠭᠠᠳᠬᠠᠯ ᠢ | ᠲᠤᠰᠬᠠᠶᠢᠯᠠᠨ ᠠᠪᠬᠤ ᠴᠢᠬᠤᠯᠠ ᠦᠭᠡᠢ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠨᠢ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢ ᠬᠠᠮᠤᠷᠤᠨ᠎ᠠ᠄ | ᠨᠢᠭᠡᠳᠦᠭᠡᠷ ᠲᠤ ᠤᠯᠠᠨ ᠤ ᠰᠠᠶᠢᠨ ᠮᠡᠳᠡᠳᠡᠭ ᠠᠵᠢᠯᠳᠠᠨ ᠠᠵᠢᠯᠴᠢᠨ ᠤ ᠡᠮᠴᠢᠯᠡᠭᠡᠨ ᠤ ᠳᠠᠭᠠᠳᠬᠠᠯ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ | ᠪᠣᠯᠤᠨ᠎ᠠ᠂ ᠡᠨᠡ ᠨᠢ ᠪᠢᠳᠡᠨ ᠤ ᠶᠠᠷᠢᠭᠠᠳ ᠪᠠᠶᠢᠳᠠᠭ ᠦᠨᠳᠦᠰᠦᠨ ᠡᠮᠴᠢᠯᠡᠭᠡᠨ ᠤ ᠳᠠᠭᠠᠳᠬᠠᠯ ᠪᠣᠯᠣᠨ᠎ᠠ᠃ | ᠬᠤᠶᠠᠳᠤᠭᠠᠷ ᠲᠤ ᠬᠦᠴᠢᠷᠳᠡᠯᠲᠡᠶ ᠣᠯᠠᠨ ᠲᠦᠮᠡᠨ ᠳᠤ ᠡᠮᠴᠢᠯᠡᠭᠡᠨ ᠤ ᠲᠤᠰᠠᠯᠠᠮᠵᠢ ᠬᠦᠷᠲᠡᠭᠡᠨ᠎ᠡ᠂ ᠪᠢᠳᠡ 2023 ᠣᠨ ᠳᠤ 8020 ᠲᠦᠮᠡᠨ | ᠬᠦᠴᠢᠷᠳᠡᠯᠲᠡᠶ ᠣᠯᠠᠨ ᠲᠦᠮᠡᠨ ᠳᠤ ᠳᠠᠭᠠᠳᠬᠠᠯ ᠳᠤ ᠣᠷᠣᠭᠤᠯᠵᠤ ᠲᠤᠰᠠᠯᠠᠪᠠ᠂ ᠣᠯᠠᠨ ᠤ ᠦᠷᠭᠦᠯᠵᠢ ᠠᠩᠬᠠᠷᠳᠠᠭ ᠵᠦᠢᠯ ᠪᠣᠯ ᠲᠡᠳᠡᠭᠡᠷ ᠣᠨᠴᠠ ᠬᠦᠴᠢᠷᠳᠡᠯᠲᠡᠶ | ᠬᠥᠮᠦᠰ ᠪᠤᠶᠤ ᠣᠷᠣᠯᠭ᠎ᠠ ᠥᠬᠡᠶ ᠡᠪᠡᠳᠴᠢᠲᠡᠨ᠂ ᠬᠦᠨᠳᠦ ᠡᠪᠡᠳᠴᠢᠲᠡᠨ ᠢ ᠬᠡᠷᠬᠢᠨ ᠳᠠᠭᠠᠳᠬᠠᠯ ᠳᠤ ᠣᠷᠣᠭᠤᠯᠬᠤ ᠪᠣᠶ ᠭᠡᠰᠡᠨ ᠶᠠᠪᠤᠳᠠᠯ ᠪᠣᠯᠣᠨ᠎ᠠ᠃ ᠤᠯᠤᠰ ᠠᠴᠠ | ᠬᠦᠴᠢᠷᠳᠡᠯᠲᠡᠢ ᠣᠯᠠᠨ ᠲᠦᠮᠡᠨ ᠤ ᠳᠠᠭᠠᠳᠬᠠᠯ ᠳᠤ ᠣᠷᠣᠬᠤ ᠠᠰᠠᠭᠤᠳᠠᠯ ᠢ ᠮᠠᠰᠢ ᠬᠠᠯᠠᠮᠵᠢᠯᠠᠵᠤ ᠪᠣᠢ᠂ ᠪᠢᠳᠡ ᠬᠦᠴᠢᠷᠳᠡᠯᠲᠡᠢ ᠣᠯᠠᠨ ᠲᠦᠮᠡᠨ ᠳᠤ ᠪᠦᠬᠦ | ᠲᠣᠭᠠᠨ ᠤ ᠪᠤᠶᠤ ᠬᠡᠰᠡᠭ ᠪᠡᠯᠡ ᠮᠥᠩᠭᠦ ᠪᠠᠷ ᠲᠤᠰᠠᠯᠠᠵᠤ ᠪᠠᠶᠢᠭᠠᠳ᠂ ᠲᠡᠳᠡᠨ ᠤ ᠳᠠᠭᠠᠳᠬᠠᠯ ᠳᠤ ᠣᠷᠣᠬᠤ ᠶᠢ ᠨᠢ ᠳᠡᠮᠵᠢᠨ᠎ᠡ᠃ ᠭᠤᠷᠪᠠᠳᠤᠭᠠᠷ ᠲᠤ ᠬᠦᠨᠳᠦ | ᠡᠪᠡᠳᠴᠢᠨ ᠤ ᠳᠠᠭᠠᠳᠬᠠᠯ ᠪᠣᠯᠣᠨ᠎ᠠ᠃ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠭᠰᠠᠳ ᠬᠦᠨᠳᠦ ᠡᠪᠡᠳᠴᠢᠨ ᠤ ᠳᠠᠭᠠᠳᠬᠠᠯ ᠢ ᠲᠤᠰᠬᠠᠶᠢᠯᠠᠨ | ᠠᠪᠬᠤ ᠴᠢᠬᠤᠯᠠ ᠦᠭᠡᠢ᠃ ᠡᠨᠡ ᠪᠣᠯ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠣᠷᠣ ᠲᠥᠯᠥᠪ ᠲᠠᠬᠢ ᠳᠠᠭᠠᠯᠳᠤᠭᠰᠠᠨ ᠬᠤᠶᠠᠳᠠᠬᠢ ᠳᠠᠪᠬᠤᠴᠠᠯ ᠪᠠᠲᠤᠯᠠᠭ᠎ᠠ | ᠮᠥᠨ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠭᠰᠠᠨ ᠪᠠᠶᠢᠪᠠᠯ ᠠᠶᠠᠨᠳᠠᠭᠠᠨ ᠬᠦᠨᠳᠦ ᠡᠪᠡᠳᠴᠢᠨ ᠤ ᠳᠠᠭᠠᠳᠬᠠᠯ ᠤᠨ | ᠬᠢᠷᠢ ᠬᠡᠮ ᠲᠠᠢ ᠪᠣᠯᠴᠢᠬᠠᠨ᠎ᠠ᠃ ᠵᠠᠷᠢᠮ ᠦᠶ᠎ᠡ ᠳᠤ ᠣᠯᠠᠨ ᠢᠶᠠᠷ ᠢᠶᠠᠨ ᠶᠠᠭᠠᠬᠢᠭᠠᠳ ᠮᠡᠳᠡᠳᠡᠭ ᠦᠭᠡᠢ ᠪᠤᠢ ᠭᠡᠪᠡᠯ᠂ ᠪᠢᠳᠡ ᠣᠳᠣ ︽ᠨᠢᠭᠡ ᠥᠷᠲᠡᠭᠡ ᠪᠠᠷ | ᠲᠣᠭᠠᠴᠠᠭ᠎ᠠ ᠬᠢᠬᠦ︾ ᠶᠢ ᠬᠡᠷᠡᠭᠵᠢᠭᠦᠯᠦᠭᠰᠡᠨ ᠠᠴᠠ ᠪᠣᠯᠤᠭᠰᠠᠨ ᠶᠤᠮ᠃ ᠬᠡᠷᠪᠡ ᠳᠠᠭᠠᠳᠬᠠᠯ ᠳᠤ ᠣᠷᠣᠭᠰᠠᠳ ᠡᠮᠴᠢᠯᠡᠭᠦᠯᠬᠦ᠂ ᠢᠯᠠᠩᠭᠤᠶ᠎ᠠ ᠡᠮᠨᠡᠯᠭᠡ ᠳᠤ ᠰᠠᠭᠤᠵᠤ | ᠡᠮᠴᠢᠯᠡᠭᠦᠯᠬᠦ ᠶᠠᠪᠤᠴᠠ ᠳᠤ᠂ ᠬᠤᠪᠢ ᠬᠥᠮᠦᠨ ᠤ ᠵᠠᠷᠤᠴᠠᠭᠤᠯᠤᠭᠰᠠᠨ ᠵᠠᠷᠤᠳᠠᠯ ᠨᠢ ᠵᠣᠬᠢᠬᠤ ᠲᠤᠭ᠎ᠠ ᠠᠴᠠ ᠬᠡᠲᠦᠷᠡᠪᠡᠯ ᠬᠦᠨᠳᠦ ᠡᠪᠡᠳᠴᠢᠨ ᠤ ᠳᠠᠭᠠᠳᠬᠠᠯ ᠨᠢ | ᠠᠶᠠᠨᠳᠠᠭᠠᠨ ᠲᠣᠭᠠᠴᠠᠭᠠᠯᠠᠵᠤ ᠡᠬᠢᠯᠡᠭᠡᠳ᠂ ᠣᠯᠠᠨ ᠢ ᠬᠠᠪᠰᠤᠷᠤᠨ ᠬᠤᠪᠢ ᠬᠥᠮᠦᠨ ᠤ ᠥᠪᠡᠷ ᠢᠶᠠᠨ ᠲᠤᠰᠢᠶᠠᠬᠤ ᠵᠠᠷᠤᠳᠠᠯ ᠢ ᠨᠢ ᠨᠡᠩ ᠠᠷᠪᠢᠯᠠᠵᠤ ᠥᠭᠬᠦ ᠪᠣᠯᠤᠨ᠎ᠠ᠃ | ᠵᠠᠷᠢᠮ ᠦᠶ᠎ᠡ ᠳᠤ ᠪᠢᠳᠡ ᠡᠮᠨᠡᠯᠭᠡ ᠶᠢᠨ ᠬᠤᠷᠢᠶᠠᠨ ᠳᠤ ᠡᠮᠴᠢᠯᠡᠭᠦᠯᠦᠭᠡᠳ ᠭᠠᠷᠬᠤ ᠳᠤ ᠪᠠᠨ ᠲᠣᠭᠠᠴᠠᠭ᠎ᠠ ᠬᠢᠭᠰᠡᠨ ᠳᠠᠩᠰᠠ ᠶᠢ ᠨᠠᠷᠢᠨ ᠠᠵᠢᠭᠯᠠᠪᠠᠯ᠂ ᠬᠦᠨᠳᠦ | ᠡᠪᠡᠳᠴᠢᠨ ᠤ ᠳᠠᠭᠠᠳᠬᠠᠯ ᠤᠨ ᠲᠥᠯᠥᠪᠦᠷᠢ ᠶᠢᠨ ᠬᠦᠰᠦᠨᠦᠭ ᠠᠴᠠ ᠲᠡᠭᠦᠨ ᠢ ᠣᠯᠵᠤ ᠬᠠᠷᠠᠬᠤ ᠪᠣᠯᠣᠨ᠎ᠠ᠃ | ᠨᠢᠷᠠᠢ ᠬᠡᠦᠬᠡᠳ ᠢ ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠰᠦᠯᠵᠢᠶᠡᠨ ᠳᠡᠭᠡᠷ᠎ᠡ ᠳᠠᠭᠠᠳᠬᠠᠯ ᠳᠤ ᠣᠷᠣᠭᠤᠯᠵᠤ ᠪᠣᠯᠣᠨ᠎ᠠ ᠨᠢᠷᠠᠢ ᠬᠡᠦᠬᠡᠳ ᠢ ︽ | ᠡᠷᠦᠬᠡ ᠠᠮᠠ ᠶᠢᠨ ᠳᠠᠩᠰᠠᠨ ᠳᠤ ᠣᠷᠣᠭᠤᠯᠪᠠᠯ ᠰᠠᠶ᠋ᠢ ᠳᠠᠭᠠᠳᠬᠠᠯ ᠲᠠᠢ ᠪᠣᠯᠭᠠᠵᠤ ᠪᠣᠯᠬᠤ︾ ᠪᠠᠶᠢᠭᠰᠠᠨ ᠢᠶᠠᠨ ︽ᠲᠥᠷᠥᠮᠡᠭᠴᠡ ᠳᠠᠭᠠᠳᠬᠠᠯ ᠲᠠᠢ ᠪᠣᠯᠭᠠᠬᠤ︾ | ᠪᠣᠯᠭᠠᠨ ᠬᠤᠪᠢᠷᠠᠭᠤᠯᠪᠠ᠃ ᠤᠤᠯ ᠨᠢ ᠨᠢᠷᠠᠢ ᠬᠡᠤᠬᠡᠳ ᠢ ᠡᠷᠬᠡᠪᠰᠢ ᠤᠷᠢᠳ ᠢᠶᠠᠷ ᠡᠷᠦᠬᠡ ᠠᠮᠠ ᠶᠢᠨ ᠳᠠᠩᠰᠠᠨ ᠳᠤ ᠣᠷᠣᠭᠤᠯᠤᠭᠠᠳ ᠰᠠᠶ᠋ᠢ ᠳᠠᠭᠠᠳᠬᠠᠯ ᠲᠠᠢ | ᠪᠣᠯᠭᠠᠬᠤ ᠭᠠᠷ ᠭᠦᠢᠴᠡᠳᠬᠡᠯ ᠬᠢᠵᠦ᠂ ᠡᠮᠴᠢᠯᠡᠭᠡᠨ ᠤ ᠵᠠᠷᠤᠳᠠᠯ ᠢ ᠨᠢ ᠤᠷᠢᠳ ᠢᠶᠠᠷ ᠣᠷᠣᠯᠠᠨ ᠲᠥᠯᠥᠵᠦ᠂ ᠡᠷᠦᠬᠡ ᠠᠮᠠ ᠶᠢᠨ ᠳᠠᠩᠰᠠᠨ ᠳᠤ ᠣᠷᠣᠭᠤᠯᠵᠤ | ᠳᠠᠭᠠᠳᠬᠠᠯ ᠲᠠᠢ ᠪᠣᠯᠭᠠᠪᠠᠯ ᠰᠠᠶ᠋ᠢ ᠡᠮᠴᠢᠯᠡᠭᠡᠨ ᠤ ᠳᠠᠭᠠᠳᠬᠠᠯ ᠤᠨ ᠴᠣᠩᠬᠤᠪᠴᠢ ᠪᠠᠷ ᠲᠠᠩᠰᠠ ᠲᠠᠶᠢᠯᠳᠠᠭ ᠪᠠᠶᠢᠪᠠ᠃ ᠣᠳᠣ ᠡᠯ᠎ᠡ ᠭᠠᠵᠠᠷ ᠤᠨ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠨᠢ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠪᠠᠷ ᠳᠠᠮᠵᠢᠭᠤᠯᠤᠨ᠂ ᠨᠢᠷᠠᠶ ᠬᠡᠤᠬᠡᠳ ᠢ ᠲᠥᠷᠥᠭᠰᠡᠨ ᠤ ᠠᠨᠠᠭᠠᠬᠤ ᠶᠢᠨ | ᠭᠡᠷᠡᠴᠢᠯᠡᠯ ᠢᠶᠠᠷ ᠨᠢ ᠰᠦᠯᠵᠢᠶᠡᠨ ᠳᠡᠭᠡᠷ᠎ᠡ ᠳᠠᠭᠠᠳᠬᠠᠯ ᠲᠠᠢ ᠪᠣᠯᠭᠠᠵᠤ᠂ ᠳᠠᠭᠠᠳᠬᠠᠯ ᠲᠠᠢ ᠪᠣᠯᠵᠤ ᠰᠦᠢᠳᠬᠡᠯ ᠲᠤᠰᠢᠶᠠᠬᠤ ᠳᠤᠮᠳᠠᠴᠢ ᠴᠠᠭ ᠨᠢ ᠵᠢᠯ ᠤᠨ ᠡᠬᠢᠨ ᠤ | 28.7 ᠠᠵᠢᠯᠯᠠᠬᠤ ᠡᠳᠦᠷ ᠪᠠᠶᠢᠭᠰᠠᠨ ᠠᠴᠠ 6.4 ᠠᠵᠢᠯᠯᠠᠬᠤ ᠡᠳᠦᠷ ᠪᠣᠯᠲᠠᠯ᠎ᠠ ᠪᠠᠭᠠᠰᠪᠠ᠃ | ᠨᠢᠷᠠᠢ ᠬᠡᠦᠬᠡᠳ ᠢ ᠡᠮᠨᠡᠯᠭᠡ ᠶᠢᠨ ᠬᠤᠷᠢᠶᠠᠨ ᠠᠴᠠ ᠭᠠᠷᠭᠠᠭᠰᠠᠨ ᠤ ᠳᠠᠷᠠᠭ᠎ᠠ ᠡᠮᠴᠢᠯᠡᠭᠡᠨ ᠤ ᠵᠠᠷᠤᠳᠠᠯ ᠢ ᠨᠢ ᠰᠢᠭᠤᠳ ᠳᠠᠩᠰᠠᠨ ᠠᠴᠠ ᠲᠠᠶᠢᠯᠬᠤ ᠪᠣᠯᠪᠠ᠃ | ᠳᠠᠷᠠᠭ᠎ᠠ ᠵᠢᠯ ᠠᠴᠠ ᠡᠬᠢᠯᠡᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠ ᠶᠢ ᠮᠤᠵᠢ ᠠᠯᠤᠰᠯᠠᠵᠤ ᠬᠠᠮᠵᠢᠯᠴᠠᠨ | ᠲᠤᠰᠠᠯᠠᠯᠴᠠᠬᠤ ᠶᠢ ᠰᠦᠪᠡᠭᠴᠢᠯᠡᠨ ᠠᠬᠢᠭᠤᠯᠤᠨ᠎ᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠡᠴᠢᠭᠡ ᠡᠬᠡ᠂ ᠦᠷ᠎ᠡ ᠬᠡᠤᠬᠡᠳ᠂ ᠬᠠᠨᠢ ᠨᠥᠬᠦᠷ ᠵᠢᠴᠢ | ᠪᠤᠰᠤᠳ ᠲᠥᠷᠥᠯ ᠰᠠᠳᠤᠨ ᠢᠶᠠᠨ ᠬᠤᠯᠪᠣᠨ ᠳᠠᠩᠰᠠᠯᠠᠬᠤ ᠶᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠴᠢᠬᠡᠪᠡᠯ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠥᠨ ᠤ ᠳᠠᠩᠰᠠ ᠶᠢ ᠬᠠᠮᠲᠤ ᠪᠠᠷ ᠬᠡᠷᠡᠭᠯᠡᠵᠦ ᠪᠣᠯᠤᠨ᠎ᠠ᠃ ᠣᠳᠣᠬᠠᠨ ᠳᠤ᠂ ᠡᠯ᠎ᠡ ᠭᠠᠵᠠᠷ ᠤᠨ ᠬᠢᠨ ᠶᠠᠭ ᠡᠨᠡ ᠬᠦ ᠠᠵᠢᠯ ᠢ ᠰᠢᠮᠳᠠᠭᠤᠯᠤᠨ ᠠᠬᠢᠭᠤᠯᠵᠤ ᠪᠣᠢ᠂ | ᠡᠨᠡ ᠵᠢᠯ ᠤᠨ 1 - 7 ᠳ᠋ᠤᠭᠠᠷ ᠰᠠᠷ᠎ᠠ ᠳᠤ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠤ ᠭᠡᠷ ᠪᠦᠯᠢ ᠶᠢᠨ ᠬᠠᠷᠢᠯᠴᠠᠨ | ᠲᠤᠰᠠᠯᠠᠯᠴᠠᠬᠤ ᠵᠣᠭᠤᠰ ᠤᠨ ᠲᠤᠭ᠎ᠠ 227 ᠳ᠋ᠦᠩᠰᠢᠭᠤᠷ ᠲᠥᠭᠦᠷᠢᠭ ᠲᠤ ᠬᠦᠷᠴᠡᠶ᠃ ᠵᠢᠱᠢᠯᠲᠡ ᠪᠠᠷ ᠡᠨᠡ ᠵᠢᠯ ᠤᠨ ᠰᠡᠭᠦᠯᠴᠢ ᠪᠣᠯᠬᠤ ᠳᠤ᠂ ᠡᠯ᠎ᠡ | ᠭᠠᠵᠠᠷ ᠤᠨ ᠬᠢᠨ ᠤ ᠬᠤᠪᠢ ᠬᠥᠮᠥᠨ ᠤ ᠳᠠᠩᠰᠠ ᠪᠠᠨ ᠮᠤᠵᠢ ᠶᠢᠨ ᠳᠣᠲᠣᠭᠠᠳᠤ ᠳᠤ ᠬᠠᠷᠢᠯᠴᠠᠨ ᠲᠤᠰᠠᠯᠠᠯᠴᠠᠬᠤ ᠪᠣᠯᠭᠠᠨ᠎ᠠ᠂ ᠢᠷᠡᠬᠦ ᠵᠢᠯ ᠠᠴᠠ ᠡᠬᠢᠯᠡᠨ ᠮᠤᠵᠢ | ᠠᠯᠤᠰᠯᠠᠵᠤ ᠬᠠᠷᠢᠯᠴᠠᠨ ᠲᠤᠰᠠᠯᠠᠯᠴᠠᠬᠤ ᠶᠢ ᠰᠦᠪᠡᠭᠴᠢᠯᠡᠨ ᠠᠬᠢᠭᠤᠯᠤᠨ᠎ᠠ᠃ | ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠡᠭᠦᠳᠡᠨ ᠡᠮᠨᠡᠯᠭᠡ ᠪᠠᠷ ᠡᠮᠴᠢᠯᠡᠭᠦᠯᠬᠦ ᠤᠳᠠᠭᠠᠨ ᠴᠢᠨᠠᠷᠲᠠᠢ ᠪᠠ ᠣᠨᠴᠠᠭᠠᠢ ᠡᠪᠡᠳᠴᠢᠨ ᠢ 5 ᠲᠥᠷᠥᠯ | ᠪᠠᠶᠢᠭᠰᠠᠨ ᠠᠴᠠ 10 ᠲᠥᠷᠥᠯ ᠪᠣᠯᠭᠠᠨ ᠨᠡᠮᠡᠭᠳᠡᠭᠦᠯᠪᠡ ᠡᠨᠡ ᠪᠣᠯ ᠠᠳᠠᠯᠢ ᠪᠤᠰᠤ ᠭᠠᠵᠠᠷ ᠣᠷᠣᠨ ᠤ ᠡᠪᠡᠳᠴᠢᠨ ᠤ ᠲᠥᠷᠥᠯ ᠤᠨ ᠵᠥᠷᠢᠶ᠎ᠡ ᠶᠢ ᠪᠣᠳᠣᠯᠬᠢᠯᠠᠵᠤ᠂ | ᠣᠯᠠᠨ ᠲᠦᠮᠡᠨ ᠤ ᠣᠨᠳᠣᠤ ᠭᠠᠵᠠᠷ ᠲᠤ ᠡᠮᠴᠢᠯᠡᠭᠦᠯᠬᠦ ᠳᠤ ᠨᠠᠩ ᠳᠥᠭᠦᠮᠯᠡᠬᠦ ᠶᠢᠨ ᠲᠥᠯᠥᠭᠡ᠂ ᠪᠢᠳᠡ ᠤᠤᠯ ᠤᠨ 5 ᠲᠥᠷᠥᠯ ᠤᠨ ᠡᠪᠡᠳᠴᠢᠨ ᠪᠠᠶᠢᠭᠰᠠᠨ ᠤ | ᠰᠠᠭᠤᠷᠢᠨ ᠳᠡᠭᠡᠷ᠎ᠡ ᠠᠷᠬᠠᠭ ᠪᠠ ᠪᠥᠭᠯᠡᠷᠡᠬᠦ ᠴᠢᠨᠠᠷᠲᠠᠶ ᠠᠭᠤᠰᠬᠢᠨ ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ᠂ ᠵᠢᠷᠦᠬᠡᠨ ᠲᠢᠳᠢᠮ ᠤᠨ ᠡᠪᠡᠳᠴᠢᠨ᠂ | ᠬᠡᠷᠡᠬᠦ ᠴᠢᠨᠠᠷᠲᠠᠶ ᠦᠶ᠎ᠡ ᠭᠡᠰᠢᠭᠦᠦ ᠶᠢᠨ ᠦᠷᠪᠢᠰᠦᠯ ᠪᠠ ᠬᠥᠰᠢᠭᠦᠨ ᠴᠢᠨᠠᠷᠲᠠᠶ ᠰᠡᠭᠡᠷ ᠨᠢᠷᠤᠭᠤᠨ ᠤ ᠦᠷᠪᠢᠰᠦᠯ ᠵᠡᠷᠭᠡ 5 ᠲᠥᠷᠥᠯ ᠤᠨ ᠡᠪᠡᠳᠴᠢᠨ ᠢ | ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠡᠨᠡ ᠵᠢᠯ ᠤᠨ ᠰᠡᠭᠦᠯᠴᠢ ᠠᠴᠠ ᠡᠮᠦᠨ᠎ᠡ᠂ ᠪᠦᠬᠦ ᠤᠯᠤᠰ ᠤᠨ ᠲᠣᠭᠤᠷᠢᠭ ᠰᠢᠶᠠᠨ ᠨᠢᠭᠡᠪᠦᠷᠢ ᠳᠤ ᠰᠢᠨ᠎ᠡ ᠪᠠᠷ | ᠨᠡᠮᠡᠭᠳᠡᠭᠰᠡᠨ ᠡᠪᠡᠳᠴᠢᠨ ᠤ ᠲᠥᠷᠥᠯ ᠢ ᠮᠤᠵᠢ ᠠᠯᠤᠰᠯᠠᠨ ᠰᠢᠭᠤᠳ ᠳ᠋ᠦᠩᠨᠡᠨ ᠪᠣᠳᠣᠵᠤ ᠴᠢᠳᠠᠬᠤ ᠡᠮᠴᠢᠯᠡᠭᠡᠨ ᠤ ᠪᠠᠶᠢᠭᠤᠯᠤᠮᠵᠢ ᠶᠢ ᠨᠢᠭᠡ ᠪᠠᠶᠢᠯᠭᠠᠬᠤ ᠪᠠᠷ | ᠲᠥᠯᠥᠪᠯᠡᠵᠦ ᠪᠠᠶᠢᠨ᠎ᠠ᠃ ᠵᠣᠬᠢᠶᠠᠮᠠᠯ ᠴᠢᠬᠢᠨ ᠳᠤᠩ ᠵᠡᠷᠭᠡ ᠥᠨᠳᠥᠷ ᠥᠷᠲᠡᠭᠲᠦ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠵᠤ ᠠᠪᠬᠤ | ᠬᠡᠪᠴᠢᠶᠡᠨ ᠳᠤ ᠣᠷᠣᠭᠤᠯᠤᠨ᠎ᠠ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠵᠤ ᠠᠪᠬᠤ ᠬᠡᠪᠴᠢᠶ᠎ᠡ ᠶᠢ | ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠬᠦᠴᠦᠲᠡᠢ ᠠᠬᠢᠭᠤᠯᠤᠨ᠎ᠠ᠃ ᠲᠥᠪᠯᠡᠷᠡᠭᠦᠯᠦᠨ ᠬᠤᠳᠠᠯᠳᠤᠵᠤ ᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ ᠰᠢᠨ᠎ᠡ ᠪᠦᠯᠦᠭ ᠤᠳᠠᠭ᠎ᠠ ᠶᠢᠨ ᠤᠯᠤᠰ ᠠᠴᠠ ᠵᠣᠬᠢᠶᠠᠨ ᠪᠠᠶᠢᠭᠤᠯᠵᠤ ᠦᠢᠯᠡᠳᠦᠭᠰᠡᠨ ᠡᠮ ᠤᠨ ᠵᠦᠢᠯ ᠪᠠ ᠥᠨᠳᠥᠷ ᠥᠷᠲᠡᠭᠲᠦ ᠡᠮᠴᠢᠯᠡᠭᠡᠨ ᠤ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠵᠤ ᠠᠪᠬᠤ ᠶᠢ ᠵᠣᠬᠢᠶᠠᠨ ᠪᠠᠶᠢᠭᠤᠯᠤᠨ᠎ᠠ᠂ ᠪᠢᠳᠡ ᠵᠣᠬᠢᠶᠠᠮᠠᠯ ᠴᠢᠬᠢᠨ ᠳᠣᠩ ᠵᠡᠷᠭᠡ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠵᠤ ᠠᠪᠬᠤ ᠬᠡᠪᠴᠢᠶᠡᠨ ᠳᠤ ᠣᠷᠣᠭᠤᠯᠤᠨ᠎ᠠ᠃ ᠣᠷᠣᠨ ᠪᠦᠰᠡ ᠶᠢᠨ ᠬᠠᠮᠵᠢᠯᠴᠠᠭ᠎ᠠ ᠶᠢ | ᠴᠢᠩᠭᠠᠳᠬᠠᠨ᠂ ᠣᠷᠣᠨ ᠨᠤᠲᠤᠭ ᠢ ᠭᠤᠤᠯᠳᠠᠯᠭ᠎ᠠ ᠲᠠᠢ ᠵᠢᠭᠠᠨ ᠵᠢᠯᠣᠭᠤᠳᠴᠤ ᠪᠠᠶᠢᠭᠠᠳ ᠬᠢᠲᠠᠳ ᠨᠠᠶᠢᠷᠠᠯᠭ᠎ᠠ ᠶᠢᠨ ᠡᠮ᠂ ᠬᠢᠲᠠᠳ ᠡᠮ ᠤᠨ ᠴᠢᠨᠠᠬᠤ ᠡᠮ ᠪᠠ | ᠪᠡᠶ᠎ᠡ ᠶᠢᠨ ᠭᠠᠳᠠᠷ ᠲᠠᠯ᠎ᠠ ᠶᠢᠨ ᠣᠨᠣᠰᠢᠯᠠᠯᠲᠠ ᠶᠢᠨ ᠲᠤᠷᠰᠢᠬᠤ ᠡᠮ ᠵᠡᠷᠭᠡ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠬᠤᠯᠪᠣᠭᠠᠯᠠᠵᠤ ᠲᠥᠪᠯᠡᠷᠡᠭᠦᠯᠦᠨ | ᠬᠤᠳᠠᠯᠳᠤᠵᠤ ᠠᠪᠬᠤ ᠶᠢ ᠠᠬᠢᠭᠤᠯᠤᠨ᠎ᠠ᠃ ᠦᠷᠭᠦᠯᠵᠢᠯᠡᠨ ᠬᠤᠳᠠᠯᠳᠤᠵᠤ ᠬᠤᠳᠠᠯᠳᠤᠨ ᠠᠪᠬᠤ ᠶᠢ ᠲᠣᠭᠲᠠᠭᠤᠨ ᠢᠶᠠᠷ ᠠᠬᠢᠭᠤᠯᠵᠤ᠂ ᠲᠥᠪᠯᠡᠷᠡᠭᠦᠯᠦᠨ ᠬᠤᠳᠠᠯᠳᠤᠵᠤ | ᠠᠪᠬᠤ ᠶᠢ ᠬᠡᠷᠡᠭᠵᠢᠭᠦᠯᠬᠦ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠬᠠᠮᠲᠤᠷᠠᠵᠤ | ᠰᠣᠩᠭᠤᠭᠳᠠᠭᠰᠠᠨ ᠪᠦᠲᠦᠭᠡᠭᠳᠡᠬᠦᠨ ᠤ ᠬᠡᠷᠡᠭᠯᠡᠯᠲᠡ᠂ ᠬᠠᠩᠭᠠᠯᠭ᠎ᠠ᠂ ᠬᠢᠨᠠᠨ ᠰᠢᠨᠵᠢᠯᠲᠡ ᠵᠡᠷᠭᠡ ᠭᠤᠭᠴᠣᠭᠠᠨ ᠳᠠᠬᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠴᠢᠩᠭᠠᠷᠠᠭᠤᠯᠵᠤ᠂ ᠰᠣᠩᠭᠤᠭᠳᠠᠭᠰᠠᠨ ᠪᠦᠲᠦᠭᠡᠭᠳᠡᠬᠦᠨ ᠢ ᠴᠠᠭ ᠲᠤᠬᠠᠶ ᠳᠤ ᠨᠢ ᠡᠮᠨᠡᠯᠭᠡ ᠶᠢᠨ ᠬᠤᠷᠢᠶᠠᠨ ᠳᠤ ᠣᠷᠣᠭᠤᠯᠬᠤ ᠪᠠ ᠤᠷᠢᠳ ᠢᠶᠠᠷ ᠬᠡᠷᠡᠭᠯᠡᠬᠦ ᠶᠢ | ᠰᠢᠮᠳᠠᠭᠤᠯᠬᠤ ᠶᠢᠨ ᠬᠠᠮᠲᠤ᠂ ᠪᠢᠳᠡ ᠪᠠᠰᠠ ᠠᠷᠭ᠎ᠠ ᠬᠡᠮᠵᠢᠶ᠎ᠡ ᠠᠪᠴᠤ ᠪᠠᠶᠢᠭᠠᠳ ᠰᠣᠩᠭᠤᠭᠳᠠᠭᠰᠠᠨ ᠠᠵᠤ ᠠᠬᠤᠶᠢᠯᠠᠯ ᠤᠨ ᠶᠠᠰᠤ ᠴᠢᠨᠠᠷ ᠤᠨ ᠪᠠᠲᠤᠯᠠᠭ᠎ᠠ ᠪᠠ | ᠬᠠᠩᠭᠠᠯᠭ᠎ᠠ ᠶᠢᠨ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠤᠨ᠎ᠠ᠃ ᠬᠥᠩᠭᠡᠵᠢᠯ ᠤᠨ ᠨᠡᠮᠡᠯᠭᠡ ︵ᠬᠥᠩᠭᠡᠵᠢᠯ ᠤᠨ ᠠᠮᠠᠷᠠᠯᠲᠠ ᠶᠢᠨ ᠴᠠᠯᠢᠩ︶ ᠶᠢ ᠡᠮᠡᠭᠲᠡᠢ ᠠᠵᠢᠯᠲᠠᠨ | ᠠᠵᠢᠯᠴᠢᠨ ᠳᠤ ᠰᠢᠭᠤᠳ ᠨᠡᠩ ᠣᠯᠠᠨ ᠣᠯᠭᠤᠬᠤ ᠶᠢ ᠰᠦᠪᠡᠭᠴᠢᠯᠡᠨ ᠠᠬᠢᠭᠤᠯᠤᠨ᠎ᠠ ᠬᠥᠩᠭᠡᠵᠢᠯ ᠤᠨ ᠨᠡᠮᠡᠯᠭᠡ ᠨᠢ ᠳᠠᠷᠤᠢ ᠬᠥᠩᠭᠡᠵᠢᠯ ᠤᠨ ᠴᠠᠯᠢᠩ ᠪᠣᠯᠣᠨ᠎ᠠ᠃ | ᠬᠥᠩᠭᠡᠵᠢᠯ ᠤᠨ ᠴᠠᠯᠢᠩ ᠢ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ︶ ᠣᠯᠭᠤᠳᠠᠭ᠃ ᠪᠢᠳᠡᠨ ᠤ ᠣᠳᠣ ᠶᠢᠨ ᠣᠯᠭᠤᠵᠤ ᠪᠠᠶᠢᠭ᠎ᠠ ᠬᠥᠩᠭᠡᠵᠢᠯ ᠤᠨ | ᠴᠠᠯᠢᠩ᠂ ᠥᠭᠡᠷ᠎ᠡ ᠪᠠᠷ ᠬᠡᠯᠡᠪᠡᠯ ᠬᠥᠩᠭᠡᠵᠢᠯ ᠤᠨ ᠨᠡᠮᠡᠯᠭᠡ ᠣᠯᠭᠤᠬᠤ ᠳᠤ ᠬᠤᠶᠠᠷ ᠠᠷᠭ᠎ᠠ ᠪᠣᠢ᠂ ᠨᠢᠭᠡ ᠨᠢ ᠬᠥᠩᠭᠡᠵᠢᠭᠰᠡᠨ ᠡᠮᠡᠭᠲᠡᠶ ᠠᠵᠢᠯᠲᠠᠨ ᠠᠵᠢᠯᠴᠢᠨ ᠳᠤ | ᠰᠢᠭᠤᠳ ᠣᠯᠭᠤᠬᠤ᠂ ᠨᠥᠭᠦᠭᠡ ᠨᠢ ᠪᠣᠯ ᠡᠮᠡᠭᠲᠡᠶ ᠠᠵᠢᠯᠲᠠᠨ ᠠᠵᠢᠯᠴᠢᠨ ᠤ ᠪᠠᠶᠢᠭ᠎ᠠ ᠨᠢᠭᠡᠴᠢ ᠳᠤ ᠥᠭᠴᠦ᠂ ᠨᠢᠭᠡᠴᠢ ᠨᠢ ᠠᠵᠢᠯᠲᠠᠨ ᠠᠵᠢᠯᠴᠢᠨ ᠳᠤ ᠣᠯᠭᠤᠬᠤ | ᠪᠣᠯᠣᠨ᠎ᠠ᠃ ᠣᠶᠢᠷ᠎ᠠ ᠳᠤ ᠪᠢᠳᠡ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠯᠤᠭ᠎ᠠ ᠨᠡᠪᠲᠡᠷᠡᠯᠴᠡᠵᠦ᠂ ᠲᠡᠳᠡᠨ ᠤ ᠰᠠᠨᠠᠯ ᠢ ᠬᠤᠷᠢᠶᠠᠵᠤ᠂ | ᠲᠠᠷᠠᠭᠠᠴᠢ ᠶᠢᠨ ᠠᠯᠬᠤᠮ ᠳᠤ ᠬᠥᠩᠭᠡᠵᠢᠯ ᠤᠨ ᠨᠡᠮᠡᠯᠭᠡ ︵ᠬᠥᠩᠭᠡᠵᠢᠯ ᠤᠨ ᠴᠠᠯᠢᠩ︶ ᠶᠢ ᠡᠮᠡᠭᠲᠡᠶ ᠠᠵᠢᠯᠲᠠᠨ ᠠᠵᠢᠯᠴᠢᠨ ᠳᠤ ᠰᠢᠭᠤᠳ ᠨᠠᠩ ᠣᠯᠠᠨ ᠣᠯᠭᠤᠬᠤ ᠶᠢ | ᠰᠦᠪᠡᠭᠴᠢᠯᠡᠨ ᠠᠬᠢᠭᠤᠯᠤᠨ᠎ᠠ᠃ ᠬᠡᠯᠡᠯᠭᠡᠨ ᠦᠭᠡᠢ ᠵᠠᠷᠢᠮ ᠭᠠᠵᠠᠷ ᠣᠷᠣᠨ ᠳᠤ ᠣᠷᠣᠨ ᠨᠤᠲᠤᠭ ᠤᠨ ᠬᠠᠤᠯᠢ ᠲᠣᠭᠲᠠᠭᠠᠯ ᠳᠤ ᠨᠢ ᠠᠵᠤ ᠠᠬᠤᠶᠢᠯᠠᠯ ᠳᠤ ᠥᠭᠴᠦ᠂ | ᠠᠵᠤ ᠠᠬᠤᠶᠢᠯᠠᠯ ᠨᠢ ᠠᠵᠢᠯᠲᠠᠨ ᠠᠵᠢᠯᠴᠢᠨ ᠳᠤ ᠣᠯᠭᠤᠬᠤ ᠲᠣᠭᠲᠠᠭᠠᠯ ᠪᠠᠶᠢᠬᠤ ᠶᠢ ᠠᠩᠬᠠᠷᠤᠯ ᠳᠤ ᠪᠠᠨ ᠠᠪᠤᠪᠠ᠂ ᠡᠶᠢᠮᠦ ᠠᠴᠠ ᠪᠢᠳᠡ ᠪᠠᠰᠠ ᠬᠤᠯᠪᠣᠭᠳᠠᠯ | ᠪᠦᠬᠦᠢ ᠭᠠᠵᠠᠷ ᠣᠷᠣᠨ ᠤ ᠪᠣᠯᠭᠤᠮᠵᠢᠲᠠᠢ ᠰᠤᠳᠤᠯᠬᠤ ᠶᠢ ᠨᠢ ᠠᠬᠢᠭᠤᠯᠤᠨ᠎ᠠ᠃ | |