| ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠬᠤ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ | ᠲᠥᠯᠥᠭᠡ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠶᠠᠮᠤᠨ ᠠᠷᠠᠳ ᠲᠤ ᠲᠥᠬᠦᠮ | ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 8 ᠵᠦᠢᠯ ᠤᠨ | ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠭᠤᠯᠭ᠎ᠠ ᠨᠢ ᠡᠯᠧᠺᠳ᠋ᠷᠣᠨ ᠦᠨᠡᠮᠯᠡᠯ ᠤᠨ ᠬᠡᠷᠡᠭᠯᠡᠯᠲᠡ᠂ ᠫᠠᠶᠢᠰᠠ ᠦᠨᠡᠮᠯᠡᠯ ᠭᠦᠢᠴᠡᠳᠬᠡᠬᠦ ᠭᠠᠷ | ᠭᠦᠢᠴᠡᠳᠬᠡᠯ ᠢ ᠳᠥᠭᠦᠮᠴᠢᠯᠡᠬᠦ᠂ ᠬᠤᠲᠠ ᠶᠢᠨ ᠵᠠᠮ ᠬᠠᠷᠢᠯᠴᠠᠭᠠᠨ ᠤ ᠡᠮᠬᠢ ᠵᠢᠷᠤᠮ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ︽ᠢᠨᠲ᠋ᠧᠷ ᠰᠦᠯᠵᠢᠶ᠎ᠡ + ᠵᠠᠮ | ᠬᠠᠷᠢᠯᠴᠠᠭᠠᠨ ᠤ ᠬᠠᠮᠢᠶᠠᠷᠤᠯᠲᠠ︾ ᠶᠢᠨ ᠦᠢᠯᠡᠴᠢᠯᠡᠭᠡ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠶᠢ ᠬᠠᠮᠤᠷᠴᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠨᠠᠩ ᠲᠥᠬᠦᠮ ᠦᠵᠡᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ | ᠠᠵᠢᠯ ᠤᠨ ᠶᠡᠭᠡ ᠲᠠᠯ᠎ᠠ ᠳᠤ ᠨᠠᠩ ᠰᠠᠶᠢᠨ ᠦᠢᠯᠡᠴᠢᠯᠡᠨ᠎ᠡ᠃ | ᠠᠷᠭ᠎ᠠ ᠬᠡᠮᠵᠢᠶ᠎ᠡ ᠨᠢᠭᠡ᠂ ᠮᠠᠰᠢᠨᠲᠤ ᠲᠡᠷᠭᠡᠨ ᠤ ᠠᠶᠠᠯᠠᠨ ᠶᠠᠪᠤᠬᠤ ᠦᠨᠡᠮᠯᠡᠯ ᠢ ᠡᠯᠧᠺᠳ᠋ᠷᠦᠨᠴᠢᠯᠡᠭᠰᠡᠨ ᠮᠠᠰᠢᠨᠲᠤ ᠲᠡᠷᠭᠡᠨ ᠤ ᠰᠢᠯᠭᠠᠨ ᠪᠠᠶᠢᠴᠠᠭᠠᠯᠲᠠ ᠶᠢᠨ | ᠲᠡᠮᠳᠡᠭ᠂ ᠵᠢᠯᠣᠭᠤᠴᠢ ᠶᠢᠨ ᠦᠨᠡᠮᠯᠡᠯ ᠢ ᠡᠯᠧᠺᠳ᠋ᠷᠦᠨᠴᠢᠯᠡᠬᠦ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠮᠠᠰᠢᠨᠲᠤ ᠲᠡᠷᠭᠡᠨ ᠤ ᠠᠶᠠᠯᠠᠨ ᠶᠠᠪᠤᠬᠤ | ᠦᠨᠡᠮᠯᠡᠯ ᠢ ᠡᠯᠧᠺᠳ᠋ᠷᠦᠨᠴᠢᠯᠡᠬᠦ ᠶᠢ ᠣᠯᠠᠨ ᠲᠦᠮᠡᠨ ᠤ ᠠᠵᠤ ᠠᠬᠤᠶᠢᠯᠠᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠳ᠋ᠷᠣᠨ ᠦᠨᠡᠮᠯᠡᠯ ᠢ ᠬᠡᠷᠡᠭᠯᠡᠨ ᠲᠡᠷᠭᠡ | ᠬᠥᠰᠬᠡ ᠶᠢ ᠳᠠᠩᠰᠠᠯᠠᠬᠤ᠂ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ᠂ ᠠᠳᠡᠯ ᠢ ᠰᠢᠢᠳᠪᠦᠷᠢᠯᠡᠬᠦ ᠵᠡᠷᠭᠡ ᠳᠣᠲᠣᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠪᠴᠢ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠠᠩ ᠲᠥᠬᠦᠮ ᠦᠵᠡᠭᠦᠯᠬᠦ ᠶᠢᠨ ᠬᠠᠮᠲᠤ᠂ ᠠᠶᠠᠨᠴᠢᠳ | ᠪᠠ ᠪᠠᠷᠠᠭᠠᠨ ᠤ ᠲᠡᠭᠡᠭᠡᠪᠦᠷᠢ ᠶᠢᠨ ᠦᠨᠡᠮᠯᠡᠯ᠂ ᠳᠠᠭᠠᠳᠬᠠᠯ ᠤᠨ ᠲᠥᠯᠥᠪᠦᠷᠢ᠂ ᠲᠡᠷᠭᠡ ᠬᠥᠰᠬᠡ ᠶᠢ ᠪᠠᠷᠢᠴᠠᠭᠠᠯᠠᠬᠤ᠂ ᠭᠠᠷ ᠳᠠᠮᠵᠢᠭᠰᠠᠨ ᠲᠡᠷᠭᠡ ᠶᠢ ᠠᠷᠠᠯᠵᠢᠶᠠᠯᠠᠬᠤ | ᠵᠡᠷᠭᠡ ᠬᠡᠷᠡᠭᠯᠡᠭᠡᠨ ᠤ ᠲᠠᠯᠠᠪᠤᠷ ᠢ ᠢᠳᠡᠪᠬᠢᠲᠡᠶ ᠪᠠᠷ ᠥᠷᠭᠡᠳᠬᠡᠨ᠂ ᠲᠤᠰᠢᠶᠠᠬᠤ ᠴᠢᠬᠤᠯᠠᠲᠠᠶ ᠴᠠᠭᠠᠰᠤᠨ ᠮᠠᠲ᠋ᠧᠷᠢᠶᠠᠯ ᠢ ᠪᠠᠭᠠᠰᠬᠠᠵᠤ᠂ ᠣᠯᠠᠨ ᠲᠦᠮᠡᠨ ᠪᠠ ᠠᠵᠤ | ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠦᠵᠡᠭᠦᠯᠪᠡ᠃ ᠣᠨᠴᠠ ᠰᠠᠨᠠᠭᠤᠯᠤᠮᠵᠢ᠄ 1. ᠡᠯᠧᠺᠳ᠋ᠷᠣᠨ ᠠᠶᠠᠯᠠᠨ ᠶᠠᠪᠤᠬᠤ ᠦᠨᠡᠮᠯᠡᠯ ᠨᠢ ᠪᠥᠬᠦ | ᠤᠯᠤᠰ ᠤᠨ ᠬᠡᠪᠴᠢᠶᠡᠨ ᠳᠤ ᠬᠦᠴᠦᠨ ᠲᠠᠢ᠃ 2. ᠡᠯᠧᠺᠳ᠋ᠷᠣᠨ ᠠᠶᠠᠯᠠᠨ ᠶᠠᠪᠤᠬᠤ ᠦᠨᠡᠮᠯᠡᠯ ᠢ ᠪᠥᠬᠦ ᠤᠯᠤᠰ ᠲᠤ ᠨᠢᠭᠡᠳᠦᠯᠲᠡᠶ ᠬᠡᠪ ᠵᠠᠭᠪᠤᠷ ᠲᠠᠢ ᠪᠣᠯᠭᠠᠵᠤ᠂ ︽ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠪᠠᠷ ᠨᠢᠭᠡᠳᠦᠯᠲᠡᠶ ᠭᠤᠶᠤᠴᠢᠯᠠᠨ ᠠᠪᠤᠨ᠎ᠠ᠃ 3. ᠴᠠᠭᠠᠰᠤᠨ ᠠᠶᠠᠯᠠᠨ ᠶᠠᠪᠤᠬᠤ ᠦᠨᠡᠮᠯᠡᠯ ᠢᠶᠠᠨ | ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠶ᠃ | ᠠᠷᠭ᠎ᠠ ᠬᠡᠮᠵᠢᠶ᠎ᠡ ᠬᠤᠶᠠᠷ᠂ ᠮᠣᠲ᠋ᠣᠷ ᠲᠡᠷᠭᠡ ᠶᠢ ᠳᠠᠩᠰᠠᠯᠠᠬᠤ ᠳᠤ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠳᠬᠡᠬᠦ︾ ᠠᠷᠭ᠎ᠠ ᠶᠢ ᠬᠡᠷᠡᠭᠵᠢᠭᠦᠯᠦᠭᠰᠡᠨ ᠮᠣᠲ᠋ᠣᠷ | ᠲᠡᠷᠭᠡ ᠳᠠᠩᠰᠠᠯᠠᠬᠤ ᠶᠢ ᠨᠢᠭᠡᠨᠲᠡ ᠬᠡᠷᠡᠭᠵᠢᠭᠦᠯᠦᠭᠰᠡᠨ ᠮᠤᠵᠢ ᠶᠢᠨ ᠳᠣᠲᠣᠷᠠᠬᠢ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠳᠬᠡᠬᠦ︾ ᠰᠠᠭᠤᠷᠢᠨ ᠳᠡᠭᠡᠷ᠎ᠡ᠂ ᠮᠤᠵᠢ | ᠠᠯᠤᠰᠯᠠᠨ ᠣᠨᠳᠣᠤ ᠭᠠᠵᠠᠷ ᠲᠤ ᠮᠣᠲ᠋ᠣᠷ ᠲᠡᠷᠭᠡ ᠳᠠᠩᠰᠠᠯᠠᠭᠤᠯᠬᠤ᠂ ᠰᠢᠯᠵᠢᠭᠦᠯᠦᠨ ᠥᠭᠴᠦ ᠳᠠᠩᠰᠠᠯᠠᠭᠤᠯᠬᠤ᠂ ᠣᠷᠣᠨ ᠰᠠᠭᠤᠴᠠ ᠪᠠᠨ ᠨᠡᠭᠦᠯᠭᠡᠨ ᠣᠷᠣᠭᠤᠯᠬᠤ | ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠭᠡᠪᠡᠯ᠂ ᠭᠤᠶᠤᠴᠢᠯᠠᠭᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ︽ᠨᠢᠭᠡ ᠦᠨᠡᠮᠯᠡᠯ ᠢᠶᠠᠷ | ᠨᠡᠶᠢᠳᠡᠮ ᠭᠦᠢᠴᠡᠳᠬᠡᠬᠦ︾ ᠬᠡᠷᠡᠭᠲᠡᠶ᠂ ᠲᠦᠷ ᠰᠠᠭᠤᠬᠤ ᠭᠠᠵᠠᠷ ᠤᠨ ᠦᠨᠡᠮᠯᠡᠯ ᠢᠶᠠᠨ ᠳᠠᠭᠢᠵᠤ ᠲᠤᠰᠢᠶᠠᠬᠤ ᠴᠢᠬᠤᠯᠠ ᠥᠬᠡᠶ ᠪᠠᠶᠢᠵᠤ᠂ ᠣᠯᠠᠨ ᠲᠦᠮᠡᠨ ᠤ ᠣᠨᠳᠣᠤ | ᠭᠠᠵᠠᠷ ᠠᠴᠠ ᠮᠠᠰᠢᠨ ᠲᠡᠷᠭᠡ ᠬᠤᠳᠠᠯᠳᠤᠨ ᠠᠪᠬᠤ ᠳᠡᠩᠰᠡᠯᠡᠯᠲᠡ ᠳᠤ ᠲᠥᠬᠦᠮ ᠦᠵᠡᠭᠦᠯᠦᠨ᠎ᠡ᠃ ᠣᠷᠣᠨ ᠨᠤᠲᠤᠭ ᠠᠴᠠ ᠮᠣᠲ᠋ᠣᠷ ᠲᠡᠷᠭᠡ ᠶᠢ ᠲᠤᠰᠠᠭᠠᠷ ᠨᠢ | ᠬᠠᠮᠢᠶᠠᠷᠬᠤ ᠲᠦᠷᠦ ᠶᠢᠨ ᠪᠤᠳᠦᠯᠭ᠎ᠠ ᠶᠢ ᠬᠡᠷᠡᠭᠵᠢᠭᠦᠯᠦᠭᠰᠡᠨ ᠪᠠᠶᠢᠪᠠᠯ᠂ ᠲᠤᠬᠠᠶ ᠶᠢᠨ ᠭᠠᠵᠠᠷ ᠤᠨ ᠲᠣᠭᠲᠠᠭᠠᠯ ᠶᠣᠰᠣᠭᠠᠷ ᠬᠡᠷᠡᠭᠵᠢᠭᠦᠯᠪᠡ᠃ | ᠠᠷᠭ᠎ᠠ ᠬᠡᠮᠵᠢᠶ᠎ᠡ ᠭᠤᠷᠪᠠ᠂ ᠣᠯᠠᠨ ᠲᠦᠮᠡᠨ ᠤ ᠰᠦᠯᠵᠢᠶᠡᠨ ᠳᠡᠭᠡᠷ᠎ᠡ ᠮᠠᠰᠢᠨ ᠲᠡᠷᠭᠡ ᠶᠢ ᠬᠦᠴᠦᠨ ᠥᠬᠡᠶ ᠪᠣᠯᠭᠠᠬᠤ ᠭᠠᠷᠳᠠᠮ ᠭᠦᠢᠴᠡᠳᠭᠡᠬᠦ ᠳᠤ ᠲᠥᠬᠦᠮ | ᠦᠵᠡᠭᠦᠯᠦᠭᠰᠡᠨ ᠮᠠᠰᠢᠨᠲᠤ ᠲᠡᠷᠭᠡᠨ ᠤ ᠥᠮᠴᠢᠯᠡᠭᠴᠢ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠳᠤ ᠬᠠᠭᠤᠴᠢᠨ | ᠲᠡᠷᠭᠡ ᠪᠠᠨ ᠲᠤᠰᠢᠶᠠᠨ ᠬᠤᠳᠠᠯᠳᠤᠪᠠᠯ᠂ ᠬᠦᠴᠦᠨ ᠥᠬᠡᠶ ᠪᠣᠯᠭᠠᠬᠤ ᠳᠡᠩᠰᠡᠯᠡᠯᠲᠡ ᠬᠢᠯᠭᠡᠬᠦ ᠪᠠᠷ ᠭᠤᠶᠤᠴᠢᠯᠠᠭᠰᠠᠨ ᠤ ᠳᠠᠷᠠᠭ᠎ᠠ᠂ ︽ᠵᠠᠮ ᠬᠠᠷᠢᠯᠴᠠᠭᠠᠨ ᠤ | ᠬᠠᠮᠢᠶᠠᠷᠤᠯᠲᠠ ᠶᠢᠨ 12123︾ APP ᠪᠠᠷ ᠳᠠᠮᠵᠢᠭᠤᠯᠤᠨ ᠮᠠᠰᠢᠨᠲᠤ ᠲᠡᠷᠭᠡ ᠶᠢ ᠬᠦᠴᠦᠨ ᠥᠬᠡᠶ ᠪᠣᠯᠭᠠᠭᠰᠠᠨ ᠭᠡᠷᠡᠴᠢ ᠶᠢᠨ ᠡᠯᠧᠺᠳ᠋ᠷᠣᠨ ᠬᠡᠪᠯᠡᠯ ᠢ ᠪᠠᠭᠤᠯᠭᠠᠵᠤ | ᠪᠣᠯᠤᠨ᠎ᠠ᠂ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠤᠨ ᠴᠣᠩᠬᠤᠪᠴᠢ ᠳᠤ ᠬᠦᠷᠴᠦ ᠬᠦᠴᠦᠨ ᠥᠬᠡᠶ ᠪᠣᠯᠭᠠᠭᠰᠠᠨ ᠴᠠᠭᠠᠰᠤᠨ ᠭᠡᠷᠡᠴᠢ ᠶᠢ ᠠᠪᠬᠤ | ᠴᠢᠬᠤᠯᠠ ᠥᠬᠡᠶ ᠪᠣᠯᠵᠣ᠂ ᠣᠯᠠᠨ ᠲᠦᠮᠡᠨ ᠤ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠵᠡᠷᠭᠡ ᠭᠠᠷᠳᠠᠮ ᠭᠦᠢᠴᠡᠳᠬᠡᠬᠦ ᠳᠤ ᠲᠥᠬᠦᠮ | ᠦᠵᠡᠭᠦᠯᠪᠡ᠃ | ᠠᠷᠭ᠎ᠠ ᠬᠡᠮᠵᠢᠶ᠎ᠡ ᠳᠥᠷᠪᠡ᠂ ᠲᠦᠷᠭᠡᠨ ᠬᠦᠷᠭᠡᠯᠲᠡ ᠪᠠᠷ ᠬᠡᠷ ᠲᠤ ᠨᠢ ᠬᠦᠷᠭᠡᠵᠦ ᠦᠢᠯᠡᠴᠢᠯᠡᠭᠦᠯᠬᠦ ᠶᠢ ᠬᠡᠷᠡᠭᠵᠢᠭᠦᠯᠵᠦ ᠣᠯᠠᠨ ᠲᠦᠮᠡᠨ ᠤ ᠠᠵᠢᠯ ᠶᠠᠪᠤᠳᠠᠯ | ᠰᠢᠢᠳᠪᠦᠷᠢᠯᠡᠬᠦ ᠳᠤ ᠲᠥᠬᠦᠮ ᠦᠵᠡᠭᠦᠯᠦᠭᠰᠡᠨ ᠴᠠᠭᠳᠠᠭ᠎ᠠ ᠪᠣᠯᠤᠨ ᠠᠵᠤ ᠠᠬᠤᠶᠢᠯᠠᠯ ᠤᠨ ᠬᠠᠮᠵᠢᠯᠴᠠᠭ᠎ᠠ ᠶᠢ ᠭᠦᠨᠵᠡᠭᠡᠶ ᠠᠬᠢᠭᠤᠯᠵᠤ᠂ ᠲᠦᠷᠭᠡᠨ ᠬᠦᠷᠭᠡᠯᠲᠡ ᠶᠢᠨ | ᠠᠵᠤ ᠠᠬᠤᠶᠢᠯᠠᠯ ᠤᠨ ᠬᠡᠷ ᠲᠤ ᠨᠢ ᠬᠦᠷᠴᠦ ᠦᠢᠯᠡᠴᠢᠯᠡᠬᠦ ᠳᠠᠪᠠᠭᠤᠯᠢᠭ ᠢ ᠨᠠᠩ ᠰᠠᠶᠢᠨ ᠪᠠᠳᠠᠷᠠᠭᠤᠯᠵᠤ᠂ ᠣᠯᠠᠨ ᠲᠦᠮᠡᠨ ᠫᠠᠶᠢᠰᠠ ᠦᠨᠡᠮᠯᠡᠯ ᠨᠥᠬᠦᠨ ᠰᠣᠯᠢᠵᠤ | ᠠᠪᠬᠤ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠪᠠᠨ ᠲᠦᠷᠭᠡᠨ ᠬᠦᠷᠭᠡᠯᠲᠡ ᠶᠢᠨ ᠬᠡᠷ ᠲᠤ ᠨᠢ ᠬᠦᠷᠴᠦ | ᠦᠢᠯᠡᠴᠢᠯᠡᠬᠦ ᠠᠷᠭ᠎ᠠ ᠮᠠᠶ᠋ᠢᠭ ᠢ ᠥᠪᠡᠰᠦᠪᠡᠨ ᠰᠣᠩᠭᠤᠵᠤ᠂ ᠲᠦᠷᠭᠡᠨ ᠬᠦᠷᠭᠡᠭᠴᠢ ᠬᠡᠷ ᠲᠤ ᠨᠢ ᠬᠦᠷᠴᠦ ᠭᠤᠶᠤᠴᠢᠯᠠᠯ ᠤᠨ ᠮᠠᠲ᠋ᠧᠷᠢᠶᠠᠯ ᠢ ᠬᠤᠷᠢᠶᠠᠨ ᠠᠪᠴᠤ᠂ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ ᠮᠠᠰᠢᠨᠲᠤ | ᠲᠡᠷᠭᠡᠨ ᠤ ᠫᠠᠶᠢᠰᠠ ᠦᠨᠡᠮᠯᠡᠯ ᠢ ᠭᠤᠶᠤᠴᠢᠯᠠᠭᠴᠢ ᠳᠤ ᠲᠦᠷᠭᠡᠨ ᠬᠦᠷᠭᠡᠯᠲᠡ ᠪᠠᠷ ᠬᠦᠷᠭᠡᠵᠦ᠂ ᠣᠯᠠᠨ ᠲᠦᠮᠡᠨ ᠤ ᠬᠡᠷ ᠲᠤ ᠪᠠᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠠᠩ ᠲᠥᠬᠦᠮ ᠦᠵᠡᠭᠦᠯᠪᠡ᠃ ᠠᠷᠭ᠎ᠠ ᠬᠡᠮᠵᠢᠶ᠎ᠡ ᠲᠠᠪᠤ᠂ ᠵᠢᠯᠣᠭᠤᠴᠢ ᠶᠢᠨ ᠦᠨᠡᠮᠯᠡᠯ ᠢ ᠳᠠᠭᠢᠵᠤ | ᠭᠤᠶᠤᠴᠢᠯᠠᠨ ᠠᠪᠬᠤ ᠰᠢᠯᠭᠠᠯᠲᠠ ᠶᠢᠨ ᠬᠢᠴᠢᠶᠡᠯ ᠲᠥᠷᠥᠯ ᠢ ᠰᠢᠯᠢᠳᠡᠭᠵᠢᠭᠦᠯᠦᠭᠰᠡᠨ ᠬᠤᠭᠤᠴᠠᠭ᠎ᠠ ᠨᠢ ᠭᠤᠷᠪᠠᠨ ᠵᠢᠯ ᠥᠩᠭᠡᠷᠡᠭᠡᠳ ᠦᠨᠡᠮᠯᠡᠯ ᠢᠶᠠᠨ ᠰᠣᠯᠢᠭᠰᠠᠨ | ᠥᠬᠡᠶ ᠪᠠᠷ ᠬᠦᠴᠦᠨ ᠥᠬᠡᠶ ᠪᠣᠯᠤᠭᠰᠠᠨ᠂ ᠵᠢᠵᠢᠭ ᠬᠡᠯᠪᠡᠷᠢ ᠶᠢᠨ ᠮᠠᠰᠢᠨ ᠲᠡᠷᠭᠡ ︵C ᠲᠥᠷᠥᠯ︶ ᠶᠢᠨ ᠵᠢᠯᠣᠭᠤᠳᠬᠤ ᠶᠢ ᠵᠥᠪᠰᠢᠶᠡᠷᠡᠬᠦ ᠵᠢᠯᠣᠭᠤᠴᠢ ᠶᠢᠨ | ᠦᠨᠡᠮᠯᠡᠯ ᠢ ᠰᠢᠨ᠎ᠡ ᠪᠠᠷ ᠭᠤᠶᠤᠴᠢᠯᠠᠨ ᠠᠪᠬᠤ ᠭᠡᠪᠡᠯ᠂ ᠵᠠᠮ ᠤᠨ ᠵᠢᠯᠣᠭᠤᠴᠢ ᠶᠢᠨ ᠮᠡᠷᠭᠡᠵᠢᠯ ᠴᠢᠳᠠᠪᠤᠷᠢ ᠶᠢᠨ ᠰᠢᠯᠭᠠᠯᠲᠠ ᠪᠠ ᠠᠮᠤᠷ ᠲᠦᠪᠰᠢᠨ ᠪᠣᠯᠪᠠᠰᠤᠨ ᠤ | ᠶᠡᠷᠦ ᠶᠢᠨ ᠮᠡᠳᠡᠯᠭᠡ ᠶᠢᠨ ᠬᠢᠴᠢᠶᠡᠯ ᠲᠥᠷᠥᠯ ᠨᠢᠭᠡ᠂ ᠬᠤᠶᠠᠷ᠂ ᠭᠤᠷᠪᠠ ᠶᠢ ᠰᠢᠯᠭᠠᠬᠤ ᠠᠴᠠ ᠵᠠᠮ ᠤᠨ ᠵᠢᠯᠣᠭᠤᠴᠢ ᠶᠢᠨ ᠮᠡᠷᠭᠡᠵᠢᠯ ᠴᠢᠳᠠᠪᠤᠷᠢ ᠶᠢᠨ ᠬᠢᠴᠢᠶᠡᠯ | ᠲᠥᠷᠥᠯ ᠨᠢᠭᠡ᠂ ᠭᠤᠷᠪᠠ ᠶᠢ ᠰᠢᠯᠭᠠᠬᠤ ᠪᠣᠯᠭᠠᠨ ᠥᠭᠡᠷᠡᠴᠢᠯᠡᠪᠡ᠃ | ᠠᠷᠭ᠎ᠠ ᠬᠡᠮᠵᠢᠶ᠎ᠡ ᠵᠢᠷᠭᠤᠭ᠎ᠠ᠂ ᠬᠤᠲᠠ ᠶᠢᠨ ᠵᠠᠮ ᠤᠨ ᠠᠭᠤᠯᠵᠠᠷ ᠤᠨ ᠮᠠᠰᠢᠨᠲᠤ ᠪᠤᠰᠤ ᠲᠡᠷᠭᠡᠨ ᠤ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠬᠤ ᠶᠢ | ᠰᠢᠯᠢᠳᠡᠭᠵᠢᠭᠦᠯᠦᠭᠰᠡᠨ ᠬᠤᠳᠠ ᠶᠢᠨ ᠵᠠᠮ ᠤᠨ ᠠᠭᠤᠯᠵᠠᠷ ᠲᠤ ᠤᠳᠠᠭᠠᠨ ᠶᠠᠪᠤᠬᠤ ᠶᠢ ᠨᠢᠭᠡ ᠴᠤᠭᠴᠠᠵᠢᠭᠤᠯᠤᠨ ᠵᠢᠷᠤᠵᠤ ᠲᠥᠯᠥᠪᠯᠡᠬᠦ ᠶᠢ ᠳᠡᠯᠭᠡᠷᠡᠭᠦᠯᠵᠦ᠂ ᠮᠠᠰᠢᠨᠲᠤ | ᠪᠤᠰᠤ ᠲᠡᠷᠭᠡ ᠶᠢᠨ ᠬᠦᠯᠢᠶᠡᠬᠦ ᠣᠷᠣᠨ ᠵᠠᠶ ᠶᠢ ᠥᠷᠭᠡᠳᠬᠡᠨ᠂ ᠮᠠᠰᠢᠨᠲᠤ ᠲᠡᠷᠭᠡ ᠪᠠ ᠮᠠᠰᠢᠨᠲᠤ ᠪᠤᠰᠤ ᠲᠡᠷᠭᠡ ᠶᠢᠨ ᠲᠤᠰᠠᠭᠠᠷᠯᠠᠬᠤ ᠲᠥᠬᠦᠭᠡᠷᠦᠮᠵᠢ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠵᠤ᠂ ᠮᠠᠰᠢᠨᠲᠤ ᠪᠤᠰᠤ ᠲᠡᠷᠭᠡ ᠶᠢᠨ ᠡᠮᠬᠢ ᠵᠢᠷᠤᠮ ᠲᠠᠢ ᠪᠠᠷ ᠬᠦᠯᠢᠶᠡᠬᠦ᠂ ᠰᠠᠭᠠᠳ ᠦᠭᠡᠶ ᠨᠡᠪᠳᠡᠷᠡᠬᠦ ᠶᠢ ᠬᠥᠲᠥᠯᠥᠨ ᠵᠢᠯᠣᠭᠤᠳᠴᠤ᠂ | ᠵᠠᠮ ᠨᠡᠪᠲᠡᠷᠡᠯᠭᠡ ᠶᠢᠨ ᠬᠠᠷᠰᠢᠯᠠᠯ ᠢ ᠪᠠᠭᠠᠰᠬᠠᠪᠠ᠃ ᠨᠥᠬᠦᠴᠡᠯ ᠪᠦᠷᠢᠳᠦᠭᠰᠡᠨ ᠵᠠᠮ ᠤᠨ ᠠᠭᠤᠯᠵᠠᠷ ᠲᠤ ᠮᠠᠰᠢᠨᠲᠤ ᠪᠤᠰᠤ ᠲᠡᠷᠭᠡ ᠶᠢᠨ ᠵᠡᠭᠦᠨᠰᠢ ᠡᠷᠭᠢᠬᠦ ᠳᠤ ᠨᠢᠭᠡ | ᠤᠳᠠᠭ᠎ᠠ ᠳᠤ ᠵᠡᠭᠡᠯᠢ ᠥᠩᠭᠡᠷᠡᠬᠦ ᠠᠷᠭ᠎ᠠ ᠬᠡᠮᠵᠢᠶ᠎ᠡ ᠶᠢ ᠳᠡᠯᠭᠡᠷᠡᠭᠦᠯᠵᠦ᠂ ᠮᠠᠰᠢᠨᠲᠤ ᠪᠤᠰᠤ ᠲᠡᠷᠭᠡ ᠶᠢᠨ ᠠᠮᠤᠷ ᠲᠦᠪᠰᠢᠨ ᠢᠶᠠᠷ ᠲᠦᠷᠭᠡᠨ ᠥᠩᠭᠡᠷᠡᠬᠦ ᠳᠤ ᠲᠦᠬᠦᠮ | ᠦᠵᠡᠭᠦᠯᠦᠨ᠎ᠡ᠃ ᠵᠢᠱᠢᠶᠡᠯᠡᠪᠡᠯ᠄ ᠬᠤᠲᠠ ᠶᠢᠨ ᠵᠠᠮ ᠤᠨ ᠠᠭᠤᠯᠵᠠᠷ ᠲᠤ ᠤᠳᠠᠭᠠᠨ ᠶᠠᠪᠤᠬᠤ ᠶᠢ ᠨᠢᠭᠡ ᠴᠤᠭᠴᠠᠵᠢᠭᠤᠯᠤᠭᠰᠠᠨ ᠵᠢᠷᠤᠭ ᠲᠥᠯᠥᠪᠯᠡᠭᠡ ᠶᠢ ᠳᠡᠯᠭᠡᠷᠡᠭᠦᠯᠬᠦ | ᠂ ᠮᠠᠰᠢᠨᠲᠤ ᠪᠤᠰᠤ ᠲᠡᠷᠭᠡ ᠶᠢᠨ ᠵᠡᠭᠦᠨᠰᠢ ᠡᠷᠭᠢᠬᠦ ᠳᠤ ᠨᠢᠭᠡ ᠤᠳᠠᠭ᠎ᠠ ᠳᠤ ᠵᠡᠭᠡᠯᠢ ᠥᠩᠭᠡᠷᠡᠬᠦ ᠶᠢ ᠳᠡᠯᠭᠡᠷᠡᠭᠦᠯᠬᠦ ᠠᠷᠭ᠎ᠠ ᠬᠡᠮᠵᠢᠶ᠎ᠡ ᠳᠣᠯᠤᠭ᠎ᠠ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠨᠠᠷᠢᠯᠢᠭ ᠣᠨᠣᠴᠠᠲᠠᠶ ᠪᠠᠷ ᠬᠥᠲᠥᠯᠦᠨ ᠵᠢᠯᠣᠭᠤᠳᠬᠤ ᠦᠢᠯᠡᠴᠢᠯᠡᠭᠡ ᠶᠢ ᠬᠡᠷᠡᠭᠵᠢᠭᠦᠯᠦᠭᠰᠡᠨ ︽ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠳᠤ ᠲᠦᠰᠢᠭᠯᠡᠨ ᠲᠤᠬᠠᠶᠢᠯᠠᠭᠰᠠᠨ ᠠᠵᠢᠯ ᠤᠨ ᠮᠡᠳᠡᠭᠳᠡᠬᠦ ᠪᠠ ᠬᠥᠲᠥᠯᠦᠨ ᠵᠢᠯᠣᠭᠤᠳᠬᠤ | ᠦᠢᠯᠡᠴᠢᠯᠡᠭᠡ ᠬᠠᠩᠭᠠᠵᠤ᠂ ᠣᠯᠠᠨ ᠲᠦᠮᠡᠨ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠳᠤ ᠭᠠᠷᠴᠤ ᠲᠤᠬᠠᠶᠢᠯᠠᠭᠰᠠᠨ ᠠᠵᠢᠯ ᠢᠶᠠᠨ | ᠭᠦᠢᠴᠡᠳᠬᠡᠬᠦ ᠦᠶ᠎ᠡ ᠳᠤ᠂ ᠮᠠᠰᠢᠨ ᠲᠡᠷᠭᠡᠨ ᠤ ᠪᠠᠶᠢᠴᠠᠭᠠᠯᠲᠠ᠂ ᠦᠨᠡᠮᠯᠡᠯ ᠢᠶᠠᠨ ᠰᠣᠯᠢᠵᠤ ᠭᠦᠢᠴᠡᠳᠬᠡᠬᠦ ᠪᠠᠷ ᠬᠦᠯᠢᠶᠡᠵᠦ ᠪᠠᠶᠢᠭ᠎ᠠ ᠲᠤᠬᠠᠶᠢᠯᠠᠭᠰᠠᠨ ᠠᠵᠢᠯ ᠢᠶᠠᠨ | ᠰᠠᠨᠠᠭᠠᠴᠢᠯᠠᠭ᠎ᠠ ᠠᠴᠠ ᠪᠠᠨ ᠰᠠᠨᠠᠭᠤᠯᠵᠤ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠣᠤᠷ ᠴᠡᠭ᠂ ᠴᠤᠪᠤᠷᠠᠯ᠂ ᠮᠠᠲ᠋ᠧᠷᠢᠶᠠᠯ ᠵᠡᠷᠭᠡ ᠠᠵᠢᠯ ᠭᠦᠢᠴᠡᠳᠬᠡᠬᠦ | ᠵᠦᠭᠯᠡᠭᠦᠷ ᠢ ᠨᠠᠷᠢᠯᠢᠭ ᠣᠨᠣᠴᠠᠲᠠᠶ ᠪᠠᠷ ᠮᠡᠳᠡᠭᠳᠡᠨ᠂ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠵᠢᠯᠣᠭᠤᠳᠬᠤ ᠪᠠ ᠰᠦᠯᠵᠢᠶᠡᠨ ᠭᠠᠳᠠᠨᠠᠬᠢ ᠬᠥᠲᠥᠯᠦᠨ | ᠵᠢᠯᠣᠭᠤᠳᠬᠤ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ︽ᠨᠢᠭᠡ ᠤᠳᠠᠭ᠎ᠠ ᠣᠷᠣᠪᠠᠯ᠂ ᠪᠥᠬᠦ ᠭᠦᠢᠴᠡᠳᠬᠡᠬᠦ ᠵᠦᠢᠯ ᠢ ᠰᠠᠨᠠᠭᠤᠯᠬᠤ᠂ ᠨᠢᠭᠡ ᠵᠦᠢᠯ ᠢ | ᠭᠦᠢᠴᠡᠳᠬᠡᠪᠡᠯ᠂ ᠪᠥᠬᠦ ᠶᠠᠪᠤᠴᠠ ᠪᠠᠷ ᠬᠥᠲᠥᠯᠦᠨ ᠵᠢᠯᠣᠭᠤᠳᠬᠤ︾ ᠶᠢ ᠪᠡᠶᠡᠯᠡᠭᠦᠯᠪᠡ᠃ ᠠᠷᠭ᠎ᠠ ᠬᠡᠮᠵᠢᠶ᠎ᠡ ᠨᠠᠢᠮᠠ᠂ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ | 12123︾ APP ᠪᠠᠶᠢᠭᠤᠯᠭ᠎ᠠ ᠨᠢᠭᠡᠴᠢ ᠶᠢᠨ ᠬᠡᠷᠡᠭᠯᠡᠭᠴᠢ ᠶᠢᠨ ᠬᠡᠪᠯᠡᠯ ᠢ ᠨᠡᠶᠢᠳᠡᠯᠡᠭᠰᠡᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠨ ᠨᠣᠮᠧᠷ ᠨᠡᠭᠡᠭᠡᠭᠰᠡᠨ ᠤ ᠳᠠᠷᠠᠭ᠎ᠠ᠂ ︽ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠪᠠᠷ ᠳᠠᠮᠵᠢᠭᠤᠯᠤᠨ ᠲᠤᠰ ᠨᠢᠭᠡᠴᠢ ᠶᠢᠨ ᠢᠶᠠᠨ ᠨᠡᠷ᠎ᠡ ᠳᠣᠣᠷᠠᠬᠢ ᠲᠡᠷᠭᠡ ᠵᠢᠴᠢ ᠲᠡᠷᠭᠡᠨ ᠤ | ᠳᠠᠩᠰᠠᠯᠠᠭᠤᠯᠤᠭᠰᠠᠨ ᠵᠢᠯᠣᠭᠤᠴᠢ ᠶᠢᠨ ᠮᠡᠳᠡᠭᠡ ᠵᠠᠩᠭᠢ ᠶᠢ ᠬᠠᠮᠢᠶᠠᠷᠴᠤ ᠪᠣᠯᠤᠨ᠎ᠠ᠃ ᠲᠡᠷᠭᠡ ᠬᠥᠰᠬᠡ ᠶᠢᠨ ᠪᠠᠶᠢᠳᠠᠯ᠂ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ | ᠲᠡᠮᠳᠡᠭᠯᠡᠯ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠲᠡᠷᠭᠡ ᠬᠥᠰᠬᠡ ᠶᠢᠨ ᠨᠣᠮᠧᠷ ᠰᠣᠩᠭᠤᠬᠤ᠂ ᠫᠠᠶᠢᠰᠠ ᠦᠨᠡᠮᠯᠡᠯ ᠨᠥᠬᠦᠵᠦ ᠰᠣᠯᠢᠬᠤ᠂ ᠲᠡᠷᠭᠡ | ᠬᠥᠰᠬᠡ ᠶᠢᠨ ᠥᠯᠥ ᠪᠠᠶᠢᠴᠠᠭᠠᠬᠤ ᠲᠡᠮᠳᠡᠭ ᠭᠤᠶᠤᠴᠢᠯᠠᠨ ᠠᠪᠬᠤ᠂ ᠬᠠᠷᠢᠯᠴᠠᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠢ | ᠰᠦᠯᠵᠢᠶᠡᠨ ᠳᠡᠭᠡᠷ᠎ᠡ ᠭᠦᠢᠴᠡᠳᠬᠡᠵᠦ᠂ ᠫᠠᠶᠢᠰᠠ ᠦᠨᠡᠮᠯᠡᠯ ᠭᠦᠢᠴᠡᠳᠬᠡᠬᠦ᠂ ᠦᠨᠡᠮᠯᠡᠯ ᠨᠣᠮᠧᠷ ᠢᠶᠠᠨ ᠦᠵᠡᠭᠦᠯᠬᠦ᠂ ᠠᠵᠢᠯ ᠶᠠᠪᠤᠳᠠᠯ ᠭᠦᠢᠴᠡᠳᠬᠡᠬᠦ ᠥᠪᠡᠷ ᠤᠨ | ᠥᠷᠲᠡᠭ ᠢ ᠪᠠᠭᠤᠷᠠᠭᠤᠯᠤᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃ 8 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ | 2024 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠳᠤ᠂ ᠠᠶᠠᠯᠠᠨ ᠶᠠᠪᠤᠬᠤ ᠦᠨᠡᠮᠯᠡᠯ ᠢ ᠡᠯᠧᠺᠳ᠋ᠷᠦᠨᠴᠢᠯᠡᠬᠦ᠂ ᠲᠦᠷᠭᠡᠨ | ᠬᠦᠷᠭᠡᠯᠲᠡ ᠪᠠᠷ ᠬᠡᠷ ᠲᠤ ᠨᠢ ᠬᠦᠷᠭᠡᠬᠦ ᠦᠢᠯᠡᠴᠢᠯᠡᠭᠡ ᠶᠢ 7 ᠰᠠᠷ᠎ᠠ ᠶᠢᠨ 1 ᠤ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠦᠨ᠎ᠡ᠃ |