| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠪᠠᠷ ᠵᠠᠰᠠᠪᠤᠷᠢᠯᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ︵2024 ᠬᠡᠪᠯᠡᠯ︶︾ ︵ᠳᠣᠷᠣᠭᠰᠢ ︽ᠪᠡᠯᠡᠳᠬᠡᠯ | ᠲᠥᠰᠥᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠪᠠ᠃ ᠲᠣᠰ ᠤᠳᠠᠭ᠎ᠠ ︽ᠪᠡᠯᠡᠳᠬᠡᠯ ᠲᠥᠰᠥᠯ︾ ᠳᠤ ᠵᠠᠰᠠᠪᠤᠷᠢ ᠣᠷᠣᠭᠤᠯᠬᠤ ᠳᠤ ᠪᠠᠨ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠢᠶᠠᠨ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠣᠶᠢᠷ᠎ᠠ ᠶᠢᠨ ᠵᠢᠯ ᠤᠳ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠭᠰᠠᠨ ᠲᠤᠷᠰᠢᠯᠭ᠎ᠠ ᠪᠠ ᠠᠷᠭ᠎ᠠ ᠬᠢᠳᠡᠯ ᠨᠦᠭᠦᠳ ᠢ ᠨᠠᠷᠢᠨ | ᠬᠢᠨᠠᠮᠠᠭᠠᠢ ᠳ᠋ᠦᠩᠨᠡᠵᠦ᠂ ᠰᠢᠨ᠎ᠡ ᠴᠠᠭ ᠦᠶ᠎ᠡ ᠶᠢᠨ ᠪᠠᠶᠢᠭᠠᠯᠢ ᠶᠢᠨ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠡᠭᠦᠷᠭᠡ ᠶᠢᠨ | ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠢᠨ᠎ᠡ ᠬᠡᠷᠡᠭᠴᠡᠭᠡ ᠶᠢ ᠠᠩᠬᠠᠷᠴᠤ᠂ | ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠡᠰ ᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠬᠤ | ᠠᠵᠢᠯᠯᠠᠭ᠎ᠠ ᠡᠬᠢᠯᠡᠭᠦᠯᠬᠦ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠪᠥᠬᠦ ᠲᠠᠯ᠎ᠠ ᠪᠠᠷ ᠵᠢᠷᠤᠮᠵᠢᠭᠤᠯᠤᠨ | ᠲᠡᠭᠦᠯᠳᠡᠷᠵᠢᠭᠦᠯᠪᠡ᠃ ᠨᠢᠭᠡ᠂ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠶᠢ ᠴᠢᠨᠠᠭᠰᠢᠳᠠ ᠤᠯᠠᠮ ᠲᠡᠭᠦᠯᠳᠡᠷᠵᠢᠭᠦᠯᠪᠡ᠃ ︽ᠪᠡᠯᠡᠳᠬᠡᠯ ᠲᠥᠰᠥᠯ︾ ᠳᠤ | ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠡᠭᠦᠷᠭᠡ ᠴᠢᠳᠠᠮᠵᠢ ᠶᠢ ᠲᠣᠳᠣᠷᠬᠠᠶᠢᠯᠠᠨ᠂ | ᠲᠡᠭᠦᠨ ᠤ ᠪᠦᠬᠦ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠲᠦᠷᠦᠭᠦᠯᠡᠨ ᠶᠡᠷᠦᠩᠬᠡᠶᠢᠯᠡᠨ ᠠᠳᠬᠤᠬᠤ᠂ | ᠶᠡᠷᠦᠩᠬᠡᠶᠢᠯᠡᠨ ᠨᠢᠭᠡᠳᠦᠯᠲᠡᠢ ᠲᠥᠯᠥᠪᠯᠡᠬᠦ᠂ ᠵᠢᠯᠣᠭᠤᠳᠤᠨ ᠰᠢᠮᠳᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠠᠢ᠂ ᠪᠠᠰᠠ ᠬᠤᠯᠪᠣᠭᠳᠠᠯ ᠪᠦᠬᠦᠢ ᠪᠦᠷᠢᠯᠳᠦᠭᠦᠨ | ᠨᠢᠭᠡᠴᠢ ᠨᠦᠭᠦᠳ ᠤᠨ ᠲᠤᠰᠬᠠᠢ ᠮᠡᠷᠭᠡᠵᠢᠯ ᠤᠨ ᠳᠠᠪᠠᠭᠤᠯᠢᠭ᠂ ᠠᠵᠢᠯ ᠲᠦᠷᠦᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢ ᠠᠬᠢᠭᠤᠯᠵᠤ᠂ ᠵᠥᠪᠳᠡᠯᠴᠡᠨ | ᠰᠤᠳᠤᠯᠤᠨ ᠮᠠᠭᠠᠳᠯᠠᠬᠤ᠂ ᠠᠵᠢᠯᠯᠠᠭ᠎ᠠ ᠡᠬᠢᠯᠡᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠵᠢᠯᠤᠭᠤᠳᠬᠤ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ᠂ ᠭᠠᠮᠰᠢᠭ ᠲᠤ ᠬᠤᠯᠪᠤᠭᠳᠠᠬᠤ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠤᠨ ᠵᠣᠬᠢᠴᠠᠭᠤᠯᠤᠨ ᠬᠥᠳᠡᠯᠦᠯᠴᠡᠬᠦ᠂ ᠬᠠᠮᠲᠤᠷᠠᠨ | ᠠᠷᠭᠠᠴᠠᠵᠤ ᠵᠢᠯᠤᠭᠤᠳᠬᠤ ᠲᠣᠭᠲᠠᠴᠠ ᠶᠢ ᠪᠠᠶᠢᠭᠤᠯᠵᠠᠢ᠃ ︽ᠪᠡᠯᠡᠳᠬᠡᠯ ᠲᠥᠰᠥᠯ︾ ᠳᠤ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠠᠯᠪᠠᠨ ᠭᠡᠷ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠡᠭᠦᠷᠭᠡ ᠴᠢᠳᠠᠮᠵᠢ ᠶᠢ ᠲᠣᠳᠣᠷᠬᠠᠶᠢᠯᠠᠭᠰᠠᠨ ᠮᠥᠷᠲᠡᠭᠡᠨ | ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ ᠶᠢ ᠲᠤᠰᠬᠠᠢ ᠲᠣᠭᠲᠠᠭᠠᠭᠰᠠᠨ ᠨᠢ ᠪᠦᠬᠦ᠋ᠢᠯᠡ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠶᠢ ᠨᠡᠩ ᠪᠦᠷᠢᠨ | ᠲᠡᠭᠦᠯᠳᠡᠷᠵᠢᠭᠦᠯᠪᠡ᠃ ᠬᠤᠶᠠᠷ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ᠶᠢ ᠴᠢᠨᠠᠭᠰᠢᠳᠠ ᠤᠯᠠᠮ ᠵᠢᠷᠤᠮᠵᠢᠭᠤᠯᠪᠠ᠃ ︽ | ᠪᠡᠯᠡᠳᠬᠡᠯ ᠲᠥᠰᠥᠯ︾ ᠤᠨ ᠳᠥᠷᠪᠡᠳᠦᠭᠡᠷ ᠪᠦᠯᠦᠭ ᠢ ᠲᠤᠰᠬᠠᠢ ᠪᠦᠯᠦᠭ ᠪᠣᠯᠭᠠᠨ ︽ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ︾ | ᠠᠵᠢᠯ ᠢ ᠳᠣᠭᠲᠠᠭᠠᠵᠠᠢ᠃ ᠲᠤᠰ ᠪᠦᠯᠦᠭ ᠲᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠪᠦᠷᠢᠳᠬᠡᠭᠡᠳ ᠮᠡᠳᠡᠭᠦᠯᠦᠨ ᠬᠦᠷᠭᠡᠬᠦ᠂ ᠬᠢᠨᠠᠨ ᠪᠠᠶᠢᠴᠠᠭᠠᠭᠠᠳ | ᠦᠨᠡᠯᠡᠨ ᠵᠢᠱᠢᠬᠦ᠂ ᠵᠥᠪᠳᠡᠯᠴᠡᠭᠡᠳ ᠬᠢᠨᠠᠨ ᠲᠣᠭᠲᠠᠭᠠᠬᠤ᠂ ᠰᠠᠯᠠᠭ᠎ᠠ ᠮᠥᠴᠢᠷ ᠤᠳ ᠬᠤᠭᠤᠷᠤᠨᠳᠤ ᠪᠠᠨ ᠮᠡᠳᠡᠭᠡ ᠵᠠᠩᠭᠢ ᠪᠠᠨ ᠬᠠᠮᠲᠤ ᠪᠠᠷ ᠬᠦᠷᠲᠡᠬᠦ ᠵᠡᠷᠭᠡ | ᠠᠵᠢᠯ ᠤᠳ ᠢ ᠰᠠᠶᠢᠲᠤᠷ ᠬᠢᠵᠦ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠢᠴᠢ ᠨᠡᠶᠢᠲᠡᠯᠡᠬᠦ | ᠵᠡᠷᠭᠡ ᠲᠠᠯ᠎ᠠ ᠶᠢᠨ ᠠᠵᠢᠯ ᠤᠳ ᠤᠨ ᠲᠠᠰ ᠳᠠᠷᠠᠭᠠᠯᠠᠯ᠂ ᠠᠭᠤᠯᠭ᠎ᠠ ᠶᠢᠨ ᠠᠢ᠂ ᠴᠠᠭ ᠤᠨ ᠬᠢᠵᠠᠭᠠᠷ ᠤᠨ ᠱᠠᠭᠠᠷᠳᠠᠯᠭ᠎ᠠ ᠵᠡᠷᠭᠡ ᠠᠭᠤᠯᠭ᠎ᠠ ᠨᠤᠭᠤᠳ ᠢ | ᠭᠤᠣᠯᠳᠠᠯᠭ᠎ᠠ ᠲᠠᠢ ᠵᠢᠷᠤᠮᠵᠢᠭᠤᠯᠤᠨ᠂ ᠭᠠᠮᠰᠢᠭ ᠤᠨ ᠪᠠᠶᠢᠳᠠᠯ ᠢ ᠬᠠᠮᠢᠶᠠᠷᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠣᠷᠣᠨ | ᠨᠤᠲᠤᠭ ᠤᠨ ᠭᠠᠮᠰᠢᠭ ᠢ ᠮᠡᠳᠡᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠭᠤᠷᠪᠠ᠂ ᠪᠠᠴᠢᠮ ᠪᠠᠶᠢᠳᠠᠯ ᠢ | ᠠᠷᠭᠠᠴᠠᠭᠠᠬᠤ ᠠᠵᠢᠯᠯᠠᠭ᠎ᠠ ᠶᠢ ᠴᠢᠨᠠᠭᠰᠢᠳᠠ ᠤᠯᠠᠮ ᠰᠢᠯᠢᠳᠡᠭᠵᠢᠭᠦᠯᠪᠡ᠃ ︽ᠪᠡᠯᠡᠳᠬᠡᠯ ᠲᠥᠰᠥᠯ︾ ᠨᠢ ᠠᠪᠤᠷᠠᠨ ᠲᠤᠰᠠᠯᠠᠬᠤ ᠬᠦᠴᠦᠨ ᠴᠢᠳᠠᠪᠤᠷᠢ ᠪᠠᠨ | ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ ᠵᠢᠴᠢ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠳᠣᠬᠢᠷᠠᠭᠤᠯᠵᠤ | ᠲᠡᠭᠦᠯᠳᠡᠷᠵᠢᠭᠦᠯᠪᠡ᠃ ᠨᠢᠭᠡ ᠳᠤ᠂ ᠠᠵᠢᠯᠯᠠᠭ᠎ᠠ ᠶᠢ ᠡᠬᠢᠯᠡᠭᠦᠯᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ᠂ ︽ᠪᠡᠯᠡᠳᠬᠡᠯ ᠲᠥᠰᠥᠯ︾ ᠳᠤ | ᠡᠬᠢᠯᠡᠭᠦᠯᠬᠦ ᠨᠥᠬᠦᠴᠡᠯ ᠤᠨ ᠡᠮᠦᠨ᠎ᠡ ︽ᠪᠤᠶᠤ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ ᠢᠯᠡᠷᠡᠵᠦ ᠮᠡᠳᠡᠬᠦ︾ ᠭᠡᠬᠦ ᠥᠭᠦᠯᠡᠯᠲᠡ ᠶᠢ ᠨᠡᠮᠡᠭᠰᠡᠨ ᠤ | ᠵᠣᠷᠢᠯᠭ᠎ᠠ ᠨᠢ ᠳᠠᠷᠤᠢ ᠡᠷᠲᠡᠬᠡᠨ ᠡᠬᠢᠯᠡᠭᠦᠯᠵᠦ᠂ ᠡᠷᠲᠡᠬᠡᠨ ᠠᠵᠢᠯᠯᠠᠭ᠎ᠠ ᠠᠪᠴᠤ᠂ ᠡᠷᠲᠡᠬᠡᠨ ᠠᠪᠤᠷᠠᠨ ᠲᠤᠰᠠᠯᠠᠬᠤ ᠶᠢᠨ ᠲᠥᠯᠥᠭᠡ ᠶᠤᠮ᠃ ᠬᠤᠶᠠᠷ ᠲᠤ᠂ ᠭᠠᠮᠰᠢᠭ ᠢ | ᠠᠷᠭᠠᠴᠠᠨ ᠰᠢᠢᠳᠪᠦᠷᠢᠯᠡᠬᠦ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠵᠢᠮ᠎ᠡ ᠶᠣᠰᠣ ᠪᠠ | ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠤᠨ ᠡᠭᠦᠷᠭᠡ ᠬᠠᠷᠢᠭᠤᠴᠠᠯᠭ᠎ᠠ ᠪᠠ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠴᠢᠨᠠᠭᠰᠢᠳᠠ ᠤᠯᠠᠮ | ᠲᠡᠭᠦᠯᠳᠡᠷᠵᠢᠭᠦᠯᠦᠨ ᠨᠠᠷᠢᠯᠢᠭᠵᠢᠭᠤᠯᠬᠤ ᠶᠢᠨ ᠬᠠᠮᠲᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠤᠷᠢᠶᠠᠩᠭᠤᠶᠢᠯᠠᠨ ᠲᠥᠷᠥᠯ ᠠᠩᠭᠢᠯᠠᠭᠠᠳ᠂ ᠥᠪᠡᠷᠲᠡᠭᠡᠨ ᠵᠠᠰᠠᠬᠤ | ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠭᠦᠷᠭᠡ ᠴᠢᠳᠠᠮᠵᠢ ᠶᠢ | ᠨᠠᠩ ᠳᠣᠪᠤᠶᠢᠯᠭᠠᠵᠤ᠂ ᠡᠯ᠎ᠡ ᠰᠠᠯᠠᠭ᠎ᠠ ᠮᠥᠴᠢᠷ ᠤᠳ ᠤᠨ ᠮᠡᠷᠭᠡᠵᠢᠯ ᠪᠠ ᠠᠵᠢᠯ ᠲᠥᠷᠥᠯ ᠤᠨ ᠳᠠᠪᠠᠭᠤᠯᠢᠭ ᠢ ᠨᠢ ᠨᠠᠩ ᠰᠠᠶᠢᠲᠤᠷ ᠪᠠᠳᠠᠷᠠᠭᠤᠯᠪᠠ᠃ ᠭᠤᠷᠪᠠ ᠳᠤ᠂ | ᠠᠵᠢᠯᠯᠠᠭ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠳᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠶᠡᠷ ᠤᠰᠤᠳᠤᠯ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ᠂ ᠭᠠᠵᠠᠷ ᠬᠥᠳᠡᠯᠦᠯᠲᠡ᠂ ᠭᠠᠵᠠᠷ ᠵᠦᠢ ᠶᠢᠨ ᠭᠠᠢ ᠭᠠᠮᠰᠢᠭ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠳᠤ ᠨᠢᠭᠡᠨᠲᠡ | ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠡᠬᠢᠯᠡᠭᠦᠯᠦᠭᠰᠡᠨ ᠪᠠᠶᠢᠪᠠᠯ᠂ ᠶᠡᠷᠦᠩᠬᠡᠶᠢᠯᠡᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ᠂ ᠲᠣᠭᠲᠠᠭᠠᠯ | ᠶᠣᠰᠣᠭᠠᠷ ᠭᠠᠮᠰᠢᠭ ᠠᠴᠠ ᠠᠪᠤᠷᠠᠨ ᠲᠤᠰᠠᠯᠠᠬᠤ ᠠᠵᠢᠯᠯᠠᠭ᠎ᠠ ᠪᠠᠨ ᠡᠬᠢᠯᠡᠭᠦᠯᠵᠦ᠂ ᠭᠠᠮᠰᠢᠭ ᠠᠴᠠ ᠠᠪᠤᠷᠠᠨ ᠲᠤᠰᠠᠯᠠᠬᠤ ᠠᠵᠢᠯᠯᠠᠭ᠎ᠠ ᠪᠠ ᠭᠤᠣᠯ ᠭᠠᠮᠰᠢᠭ ᠤᠨ | ᠲᠥᠷᠥᠯ ᠤᠨ ᠡᠯ᠎ᠡ ᠪᠡᠯᠡᠳᠬᠡᠯ ᠲᠥᠰᠥᠯ ᠢ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠪᠣᠯᠣᠨ᠎ᠠ᠃ ᠳᠥᠷᠪᠡ ᠳᠤ᠂ ᠣᠶᠢᠷ᠎ᠠ ᠶᠢᠨ | ᠵᠢᠯ ᠤᠳ ᠲᠠᠬᠢ ᠭᠠᠮᠰᠢᠭ ᠠᠴᠠ ᠠᠪᠤᠷᠠᠨ ᠲᠤᠰᠠᠯᠠᠭᠰᠠᠨ ᠦᠢᠯᠡᠳᠦᠯᠭᠡ ᠪᠠ ᠭᠠᠮᠰᠢᠭᠳᠠᠭᠰᠠᠨ ᠣᠯᠠᠨ ᠲᠦᠮᠡᠨ ᠤ ᠪᠠᠴᠢᠮ ᠬᠡᠷᠡᠭᠴᠡᠭᠡ ᠳᠤ ᠴᠢᠭᠯᠡᠭᠦᠯᠦᠨ᠂ | ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠥᠭᠬᠦ ᠲᠣᠭᠲᠠᠴᠠ᠂ ᠭᠠᠮᠰᠢᠭ ᠠᠴᠠ ᠠᠪᠤᠷᠠᠬᠤ ᠠᠮᠢᠳᠤᠷᠠᠯ ᠤᠨ ᠡᠳ᠋ ᠪᠣᠳᠠᠰ ᠢ ᠪᠠᠴᠢᠮ | ᠰᠢᠯᠵᠢᠭᠦᠯᠦᠨ ᠥᠭᠬᠦ ᠲᠣᠭᠲᠠᠴᠠ ᠶᠢ ᠪᠠᠶᠢᠭᠤᠯᠵᠤ᠂ ᠠᠵᠢᠯᠯᠠᠬᠤ ᠳᠤᠭᠤᠶᠢᠯᠠᠩ ᠢ ᠤᠷᠢᠳᠴᠢᠯᠠᠨ ᠲᠣᠮᠢᠯᠠᠵᠤ ᠲᠤᠬᠠᠢ ᠶᠢᠨ ᠭᠠᠵᠠᠷ ᠲᠤ ᠨᠢ ᠵᠢᠭᠠᠨ ᠵᠢᠯᠣᠭᠤᠳᠤᠭᠤᠯᠵᠤ | ᠂ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠬᠤ ᠵᠡᠷᠭᠡ ᠪᠣᠳᠠᠲᠠᠢ ᠱᠠᠭᠠᠷᠳᠠᠯᠭ᠎ᠠ ᠨᠤᠭᠤᠳ ᠢ ᠲᠣᠳᠣᠷᠬᠠᠢ ᠲᠣᠭᠲᠠᠭᠠᠪᠠ | ᠃ ᠳᠥᠷᠪᠡ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠨᠠᠭᠰᠢᠳᠠ ᠤᠯᠠᠮ ᠴᠢᠩᠭᠠᠷᠠᠭᠤᠯᠪᠠ᠃ ᠨᠢᠭᠡ ᠳᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢ ᠦᠨᠳᠦᠰᠦᠯᠡᠨ᠂ ︽ᠪᠡᠯᠡᠳᠬᠡᠯ ᠲᠥᠰᠥᠯ︾ ᠳᠤ ᠰᠢᠯᠵᠢᠯᠲᠡ ᠶᠢᠨ ᠬᠤᠭᠤᠴᠠᠭᠠᠨ ᠳᠠᠬᠢ ᠠᠪᠤᠷᠠᠨ ᠲᠤᠰᠠᠯᠠᠬᠤ ᠬᠥᠮᠥᠨ ᠠᠮᠠ ᠶᠢᠨ ᠬᠡᠪᠴᠢᠶ᠎ᠡ ᠶᠢ | ᠥᠷᠭᠡᠳᠬᠡᠨ ᠰᠢᠨᠡᠳᠬᠡᠵᠦ᠂ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠶᠠᠷ ᠲᠤ᠂ ︽ᠪᠡᠯᠡᠳᠬᠡᠯ ᠲᠥᠰᠥᠯ︾ ᠳᠤ᠂ ᠬᠤᠳᠠᠯᠳᠤᠭᠠᠨ ᠤ | ᠳᠠᠭᠠᠳᠬᠠᠯ ᠤᠨ ᠠᠵᠤ ᠠᠬᠤᠢ ᠶᠢᠨ ᠨᠥᠬᠦᠪᠦᠷᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠬᠦᠨᠳᠦ | ᠭᠠᠮᠰᠢᠭᠳᠠᠭᠰᠠᠨ ᠣᠷᠣᠨ ᠰᠠᠭᠤᠴᠠ ᠶᠢᠨ ᠳᠠᠭᠠᠳᠬᠠᠯ ᠵᠡᠷᠭᠡ ᠬᠠᠮᠢᠶ᠎ᠠ ᠪᠦᠬᠦᠢ ᠳᠠᠭᠠᠳᠬᠠᠯ ᠤᠳ ᠢ ᠬᠥᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠳᠠᠬᠢᠨ ᠰᠡᠷᠭᠦᠭᠡᠨ | ᠪᠠᠶᠢᠭᠤᠯᠬᠤ ᠪᠡᠯᠡ ᠮᠥᠩᠭᠦᠨ ᠤ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ | ᠬᠠᠪᠰᠤᠷᠤᠨ ᠰᠢᠢᠳᠪᠦᠷᠢᠯᠡᠵᠦ᠂ ᠠᠪᠤᠷᠠᠨ ᠲᠤᠰᠠᠯᠠᠬᠤ ᠬᠦᠷᠢᠶ᠎ᠡ ᠪᠠ ᠠᠷᠭ᠎ᠠ ᠵᠠᠮ ᠢᠶᠠᠨ ᠥᠷᠭᠡᠳᠬᠡᠬᠦ ᠶᠢ ᠴᠢᠬᠤᠯᠠᠴᠢᠯᠠᠵᠠᠢ᠃ ᠭᠤᠷᠪᠠ ᠳᠤ᠂ ︽ᠪᠡᠯᠡᠳᠬᠡᠯ ᠲᠥᠰᠥᠯ︾ | ᠳᠤ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ ᠲᠤᠰᠠᠯᠠᠯᠲᠠ᠂ ᠨᠤᠷᠠᠭᠰᠠᠨ ᠣᠷᠣᠨ ᠰᠠᠭᠤᠴᠠ ᠶᠢ ᠰᠡᠷᠭᠦᠭᠡᠨ ᠪᠠᠶᠢᠭᠤᠯᠬᠤ ᠠᠪᠤᠷᠠᠨ | ᠲᠤᠰᠠᠯᠠᠯᠲᠠ᠂ ᠡᠪᠦᠯ ᠬᠠᠪᠤᠷ ᠤᠨ ᠠᠪᠤᠷᠠᠨ ᠲᠤᠰᠠᠯᠠᠯᠲᠠ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠬᠡᠪᠴᠢᠶ᠎ᠡ᠂ ᠠᠪᠤᠷᠠᠨ ᠲᠤᠰᠠᠯᠠᠬᠤ ᠲᠡᠰ ᠳᠠᠷᠠᠭᠠᠯᠠᠯ᠂ | ᠠᠪᠤᠷᠠᠨ ᠲᠤᠰᠠᠯᠠᠬᠤ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ᠂ ᠡᠯ᠎ᠡ ᠲᠦᠷᠦᠯ ᠤᠨ ᠠᠪᠤᠷᠠᠨ ᠲᠤᠰᠠᠯᠠᠬᠤ ᠲᠡᠰ ᠳᠠᠷᠠᠭᠠᠯᠠᠯ ᠪᠠ ᠱᠠᠭᠠᠷᠳᠠᠯᠭ᠎ᠠ ᠶᠢ ᠴᠢᠨᠠᠭᠰᠢᠳᠠ | ᠤᠯᠠᠮ ᠵᠢᠷᠤᠮᠵᠢᠭᠤᠯᠪᠠ᠃ ᠳᠥᠷᠪᠡ ᠳᠤ᠂ ︽ᠪᠡᠯᠡᠳᠬᠡᠯ ᠲᠥᠰᠥᠯ︾ ᠳᠤ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠦᠷ᠎ᠡ ᠳ᠋ᠦᠩ ᠢ ᠵᠠᠷᠯᠠᠨ ᠮᠡᠳᠡᠭᠳᠡᠬᠦ ᠶᠢ | ᠴᠢᠬᠤᠯᠠᠴᠢᠯᠠᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠲᠣᠳᠣᠷᠬᠠᠶᠢᠯᠠᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠵᠤ᠂ | ᠪᠠᠶᠢᠳᠠᠯ ᠢ ᠦᠵᠡᠵᠦ ᠪᠠᠶᠢᠭᠠᠳ ᠠᠪᠤᠷᠠᠨ ᠲᠤᠰᠠᠯᠠᠬᠤ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠡᠯᠡᠵᠦ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠠᠵᠢᠯ ᠤᠨ | ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃ ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠨᠠᠭᠰᠢᠳᠠ ᠤᠯᠠᠮ ᠨᠠᠷᠢᠯᠢᠭᠵᠢᠭᠤᠯᠪᠠ᠃ | ᠵᠢᠱᠢᠶᠡᠯᠡᠪᠡᠯ ᠪᠡᠯᠡ ᠮᠦᠩᠭᠦᠨ ᠤ ᠪᠠᠲᠤᠯᠠᠭ᠎ᠠ ᠶᠢᠨ ᠲᠠᠯ᠎ᠠ ᠪᠠᠷ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠥᠭᠬᠦ ᠲᠣᠭᠲᠠᠴᠠ ᠪᠠ | ᠤᠷᠢᠳᠴᠢᠯᠠᠨ ᠰᠠᠯᠭᠠᠨ ᠥᠭᠴᠦ ᠢᠯᠭᠠᠷᠠᠭᠤᠯᠤᠨ ᠪᠣᠳᠣᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠳᠤᠷᠠᠳᠴᠠᠢ︔ ᠡᠳ᠋ | ᠪᠣᠳᠠᠰ ᠤᠨ ᠪᠠᠲᠤᠯᠠᠭ᠎ᠠ ᠶᠢᠨ ᠲᠠᠯ᠎ᠠ ᠪᠠᠷ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠪᠠ ᠦᠢᠯᠡᠳᠪᠦᠷᠢᠯᠡᠬᠦ ᠴᠢᠳᠠᠮᠵᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠥᠭᠡᠴᠡᠯᠡᠬᠦ ᠨᠥᠭᠦᠴᠡᠯ ᠪᠠ ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠨᠥᠭᠡᠴᠡᠯᠡᠬᠦ ᠴᠢᠳᠠᠪᠤᠷᠢ ᠶᠢ | ᠳᠡᠭᠡᠭᠰᠢᠯᠡᠭᠦᠯᠦᠨ᠂ ᠲᠤᠰ ᠵᠠᠰᠠᠭ ᠵᠠᠬᠢᠷᠭᠠᠨ ᠤ ᠣᠷᠣᠨ ᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠪᠠ ᠪᠠᠲᠤᠯᠠᠭ᠎ᠠ ᠶᠢᠨ ᠱᠠᠭᠠᠷᠳᠠᠯᠭ᠎ᠠ ᠶᠢ | ᠲᠣᠳᠣᠷᠬᠠᠶᠢᠯᠠᠵᠤ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ ᠪᠠ ᠲᠡᠭᠡᠭᠡᠪᠦᠷᠢᠯᠡᠬᠦ ᠳᠦᠷᠢᠮ᠂ ᠪᠠᠴᠢᠮ ᠪᠠᠶᠢᠳᠠᠯ ᠢ ᠠᠷᠭᠠᠴᠠᠭᠠᠬᠤ | ᠪᠠᠶᠢᠳᠠᠯ ᠳᠣᠣᠷ᠎ᠠ ᠲᠥᠪᠯᠡᠷᠡᠭᠦᠯᠦᠨ ᠦᠢᠯᠡᠳᠪᠦᠷᠢᠯᠡᠵᠦ ᠲᠣᠬᠢᠷᠠᠭᠤᠯᠬᠤ ᠪᠠ ᠪᠠᠴᠢᠮ ᠬᠤᠳᠠᠯᠳᠤᠨ ᠠᠪᠴᠤ ᠬᠠᠩᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ | ᠴᠢᠬᠤᠯᠠᠴᠢᠯᠠᠪᠠ︔ ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ ᠶᠢᠨ ᠲᠠᠯ᠎ᠠ ᠪᠠᠷ᠂ ᠴᠢᠮᠡᠭᠡ ᠬᠤᠯᠪᠣᠭ᠎ᠠ ᠰᠦᠯᠵᠢᠶᠡᠨ ᠤ ᠭᠠᠮᠰᠢᠭ ᠲᠤ ᠲᠡᠰᠪᠦᠷᠢᠲᠡᠢ | ᠴᠢᠨᠠᠷ ᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢ ᠤᠷᠢᠳᠴᠢᠯᠠᠨ | ᠲᠣᠬᠢᠷᠠᠭᠤᠯᠬᠤ ᠶᠢ ᠴᠢᠩᠭᠠᠳᠬᠠᠨ᠂ ᠭᠠᠮᠰᠢᠭᠳᠠᠭᠰᠠᠨ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢ ᠲᠦᠷᠭᠡᠨ ᠨᠡᠪᠲᠡᠷᠡᠭᠦᠯᠬᠦ᠂ | ᠨᠡᠪᠲᠡᠷᠡᠭᠦᠯᠬᠦ ᠶᠢ ᠪᠠᠲᠤᠯᠠᠬᠤ᠂ ᠰᠠᠭᠠᠳ ᠦᠭᠡᠢ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠳᠤᠷᠠᠳᠴᠠᠢ︔ ᠲᠣᠨᠤᠭ ᠲᠥᠬᠦᠭᠡᠷᠦᠮᠵᠢ ᠪᠠ ᠪᠡᠯᠡᠳᠬᠡᠮᠵᠢ ᠶᠢᠨ | ᠪᠠᠲᠤᠯᠠᠭ᠎ᠠ ᠶᠢᠨ ᠲᠠᠯ᠎ᠠ ᠪᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠦᠨᠳᠦᠰᠦᠨ ᠱᠠᠲᠤᠨ ᠤ ᠭᠠᠮᠰᠢᠭ ᠠᠴᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠬᠤ ᠠᠵᠢᠯ ᠢ ᠴᠢᠩᠭᠠᠳᠬᠠᠬᠤ᠂ ᠦᠨᠳᠦᠰᠦᠨ ᠱᠠᠲᠤᠨ ᠤ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ ︽ᠪᠡᠯᠡᠳᠬᠡᠯ ᠲᠥᠰᠥᠯ︾ | ᠢ ᠬᠡᠷᠡᠭᠵᠢᠭᠦᠯᠬᠦ ᠶᠠᠪᠤᠴᠠ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠳᠠᠲᠤ ᠪᠠᠶᠢᠳᠠᠯ ᠢᠶᠠᠨ ᠦᠨᠳᠦᠰᠦᠯᠡᠨ ︽ᠪᠡᠯᠡᠳᠬᠡᠯ ᠲᠥᠰᠥᠯ︾ ᠤᠨ | ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠤᠨ ᠭᠠᠷ ᠤᠨ ᠠᠪᠤᠯᠭ᠎ᠠ᠂ ᠠᠵᠢᠯᠯᠠᠭᠠᠨ ᠤ ᠲᠥᠰᠥᠯ ᠵᠡᠷᠭᠡ ᠶᠢ ᠲᠣᠭᠲᠠᠭᠠᠨ ᠨᠠᠶᠢᠳᠠᠪᠤᠷᠢᠵᠢᠭᠤᠯᠵᠤ ᠪᠣᠯᠣᠨ᠎ᠠ᠂ ᠲᠡᠷᠡᠴᠢᠯᠡᠨ | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ︽ᠪᠡᠯᠡᠳᠬᠡᠯ ᠲᠥᠰᠥᠯ︾ ᠢ ᠦᠨᠳᠦᠰᠦᠯᠡᠨ | ᠲᠤᠰ ᠱᠠᠲᠤᠨ ᠤ ᠪᠠᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠢ ᠡᠯ᠎ᠡ ᠱᠠᠲᠤᠨ ᠤ ᠪᠠᠶᠢᠭᠠᠯᠢ ᠶᠢᠨ ᠭᠠᠮᠰᠢᠭ ᠠᠴᠠ | ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠵᠢᠯᠣᠭᠤᠳᠤᠨ ᠪᠠᠶᠢᠴᠠᠭᠠᠬᠤ ᠪᠠᠨ ᠴᠢᠩᠭᠠᠳᠬᠠᠵᠤ᠂ ᠪᠡᠯᠡᠳᠬᠡᠯ ᠲᠥᠰᠥᠯ ᠢ | ᠬᠥᠳᠡᠯᠦᠩᠭᠦᠢ ᠪᠠᠷ ᠲᠡᠭᠦᠯᠳᠡᠷᠵᠢᠭᠦᠯᠬᠦ ᠶᠢ ᠰᠢᠮᠳᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠭᠰᠠᠨ᠂ ᠡᠮᠬᠢ ᠵᠢᠷᠤᠮ ᠲᠠᠢ ᠵᠣᠯᠭᠠᠭᠤᠯᠤᠭᠰᠠᠨ | ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠬᠤ ᠪᠠᠨ ᠠᠬᠢᠭᠤᠯᠵᠤ᠂ ᠭᠠᠮᠰᠢᠭ ᠠᠴᠠ | ᠠᠪᠤᠷᠠᠨ ᠲᠤᠰᠠᠯᠠᠬᠤ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃ |