| ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠡᠨ ᠤ ᠭᠤᠷᠪᠠᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠲᠤᠮᠳᠠᠳᠦ | ᠤᠯᠤᠰ ᠤᠨ ᠡᠪ ᠬᠠᠮᠳᠦ ᠨᠠᠮ ᠤᠨ ᠲᠦᠪ ᠬᠤᠷᠢᠶᠡᠨ ᠤ ᠦᠭᠡᠷᠡᠴᠢᠯᠠᠯᠳᠠ ᠶᠢ ᠴᠢᠨᠠᠭᠰᠢᠳᠠ ᠬᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ | ᠤᠳᠤᠬᠢᠴᠢᠯᠠᠯᠳᠠ ᠶᠢ ᠠᠬᠢᠭᠤᠯᠬᠤ ᠲᠤᠬᠠᠢ ᠲᠣᠭᠲᠠᠭᠠᠯ︾ ᠳᠤ ︽ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ︾᠂ ︽ᠡᠷᠡᠭᠦᠯ ᠮᠡᠨᠳᠦ ᠶᠢ ᠤᠷᠢᠳᠡᠪᠡᠷ ᠪᠤᠳᠤᠯᠬᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ︾ ᠭᠡᠵᠦ ᠲᠤᠷᠠᠳᠤᠭᠰᠠᠨ ᠨᠢ ᠰᠢ ᠶᠢᠨ | ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ | ᠦᠢᠯᠡᠰ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠪᠠᠶᠢᠭ᠎ᠠ ᠶᠢ ᠭᠦᠢᠴᠡᠳ ᠬᠠᠷᠠᠭᠤᠯᠵᠦ ᠪᠠᠶᠢᠭ᠎ᠠ ᠶᠤᠮ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ | ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠲᠤᠬᠠᠶ ᠴᠢᠬᠤᠯᠠ | ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠬᠥᠮᠦᠨ ᠤ | ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠠᠵᠢᠯ ᠤᠨ ᠢᠶᠠᠨ ᠡᠭᠦᠰᠭᠡᠯ ᠪᠠ ᠲᠡᠭᠦᠰᠬᠡᠯ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠰᠠᠭᠤᠷᠢ ᠣᠨᠣᠯ ᠤᠨ ᠰᠤᠳᠤᠯᠭᠠᠨ ᠢ ᠴᠢᠩᠭᠠᠳᠬᠠᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠠᠰᠤᠷᠠᠯᠲᠠ ᠥᠬᠡᠶ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠵᠢᠴᠢ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ | ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠤᠨᠤᠯ ᠤᠨ ᠰᠤᠳᠤᠯᠭᠠᠨ ᠢ ᠴᠢᠩᠭᠠᠳᠬᠠᠵᠤ ᠤᠨᠤᠯ ᠤᠨ | ᠪᠣᠷᠣ ᠲᠥᠯᠥᠪ ᠢ ᠲᠡᠭᠦᠯᠳᠡᠷᠵᠢᠭᠦᠯᠦᠨ᠎ᠡ 2021 ᠣᠨ ᠤ 12 ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ | ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 45% ᠠᠴᠠ ᠳᠡᠭᠡᠭᠰᠢ ᠳᠤ ᠬᠦᠷᠦᠭᠦᠯᠵᠦ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠ ᠪᠡᠶ᠎ᠡ ᠶᠢᠨ | ᠲᠠᠮᠢᠷ ᠤᠨ ᠬᠢᠷᠢ ᠲᠦᠪᠰᠢᠨ ᠢ ᠳᠡᠯᠡᠬᠡᠶ ᠶᠢᠨ ᠡᠮᠦᠨ᠎ᠡ ᠡᠩᠨᠡᠭᠡᠨ ᠳᠤ ᠣᠷᠣᠭᠤᠯᠬᠤ︾ ᠭᠤᠤᠯ ᠬᠠᠷᠠᠯᠲᠠ ᠶᠢ ᠲᠣᠭᠲᠠᠭᠠᠵᠤ᠂ ︽ᠪᠥᠬᠦ ᠲᠠᠯ᠎ᠠ ᠶᠢ ᠬᠠᠮᠤᠷᠬᠤ᠂ | ᠨᠡᠶᠢᠲᠡ ᠶᠢᠨ ᠠᠰᠠᠷᠠᠮᠵᠢ ᠶᠢᠨ ᠤᠳᠤᠷᠢᠳᠤᠮᠵᠢ ᠶᠢ ᠨᠢᠭᠡᠳᠬᠡᠬᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠠᠬᠢᠭᠤᠯᠬᠤ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠣᠯᠠᠨ | ᠲᠠᠯ᠎ᠠ ᠪᠠᠷ ᠣᠷᠣᠯᠴᠠᠬᠤ︾ ᠶᠢ ᠠᠬᠢᠭᠤᠯᠬᠤ ᠠᠵᠢᠯ ᠤᠨ ᠵᠠᠷᠴᠢᠮ ᠢ ᠳᠤᠷᠠᠳᠴᠤ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠳᠡᠮᠵᠢᠵᠦ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠶᠢ ᠬᠥᠭᠵᠢᠭᠦᠯᠬᠦ︾ ︽ᠣᠯᠠᠨ ᠲᠠᠰ ᠳᠠᠪᠬᠤᠷᠭ᠎ᠠ ᠪᠠᠷ ᠣᠯᠠᠨ ᠶᠠᠩᠵᠤ ᠶᠢᠨ ᠤᠷᠤᠯᠳᠤᠭᠠᠨ ᠤ ᠠᠵᠢᠯᠯᠠᠭ᠎ᠠ ᠶᠢᠨ ᠰᠢᠰᠲ᠋ᠧᠮ ᠢ ᠪᠠᠶᠢᠭᠤᠯᠬᠤ︾ | ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠥᠷᠭᠡᠨ ᠢᠶᠠᠷ ᠣᠷᠣᠯᠴᠠᠬᠤ ᠣᠯᠠᠨ ᠲᠦᠮᠡᠨ ᠤ ᠰᠠᠭᠤᠷᠢ ᠶᠢ ᠪᠠᠬᠢᠵᠢᠭᠦᠯᠬᠦ︾ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ᠂ ᠡᠷᠡᠭᠦᠯ ᠡᠩᠬᠡ ᠳᠤᠮᠳᠠᠳᠤ ᠤᠯᠤᠰ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃ ᠪᠡᠶ᠎ᠡ ᠶᠢᠨ ᠲᠠᠮᠢᠷ ᠤᠨ ᠶᠡᠷᠦᠩᠬᠡᠶ | ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ | ᠬᠤᠷᠠᠯ ᠤᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ︾ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠶ ᠰᠠᠨᠠᠯ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠷᠭᠦᠯᠵᠢᠯᠡᠨ | ᠭᠦᠨᠵᠡᠭᠡᠶ ᠳᠥᠯᠭᠢᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ᠂ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡ ᠵᠡᠷᠭᠡ ᠰᠠᠭᠤᠷᠢ ᠴᠢᠨᠠᠷᠲᠠᠶ ᠤᠬᠠᠭᠳᠠᠬᠤᠨ ᠢ ᠲᠠᠰᠤᠷᠠᠯᠲᠠ ᠥᠬᠡᠶ ᠨᠡᠮᠡᠭᠳᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠣᠷᠣᠨ | ᠨᠤᠲᠤᠭ ᠤᠨ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠢ ᠲᠠᠰᠤᠷᠠᠯᠲᠠ ᠥᠬᠡᠶ ᠴᠢᠩᠭᠠᠷᠠᠭᠤᠯᠵᠤ᠂ ︽ᠲᠣᠮᠣ ᠤᠯᠠᠨ ᠲᠦᠮᠡᠨᠴᠢ︾ | ᠠᠵᠢᠯ ᠤᠨ ᠪᠠᠶᠢᠷᠢᠰᠢᠯ ᠵᠡᠷᠭᠡ ᠰᠠᠭᠤᠷᠢ ᠣᠨᠣᠯ ᠤᠨ ᠰᠤᠳᠤᠯᠭᠠᠨ ᠤ ᠡᠷᠴᠢᠮ ᠢ ᠴᠢᠩᠭᠠᠷᠠᠭᠤᠯᠤᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠢ | ᠵᠢᠯᠣᠭᠤᠳᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠠᠭᠤᠯᠬᠤᠨ᠂ ᠠᠵᠢᠯ ᠤᠨ ᠠᠭᠤᠯᠭ᠎ᠠ᠂ | ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠣᠶᠢᠯᠠᠭᠠᠭᠤᠯᠵᠤ᠂ ᠣᠳᠣᠬᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡ ᠳᠤ ᠣᠷᠣᠰᠢᠵᠤ ᠪᠠᠶᠢᠭ᠎ᠠ ᠬᠥᠭᠵᠢᠯᠲᠡ ᠭᠦᠢᠴᠡᠳ ᠪᠤᠰᠤ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ ᠤ ᠪᠡᠶ᠎ᠡ | ᠮᠠᠬᠠᠪᠣᠳ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠪᠥᠬᠦ ᠠᠷᠠᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠢᠰᠦᠨ ᠶᠡᠭᠡ | ᠰᠢᠰᠲ᠋ᠧᠮ ᠳᠤ ᠠᠩᠬᠠᠷᠤᠯ ᠢᠶᠠᠨ ᠲᠥᠪᠯᠡᠷᠡᠭᠦᠯᠵᠦ ᠲᠤᠳᠠᠭᠤᠳᠠᠯ ᠢᠶᠠᠨ ᠨᠦᠬᠦᠵᠦ ᠪᠠᠭᠤᠷᠠᠢ ᠲᠠᠯ᠎ᠠ ᠪᠠᠨ ᠬᠦᠴᠦᠷᠭᠡᠭᠵᠢᠭᠦᠯᠦᠨ᠎ᠡ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠳᠤ ᠦᠷᠭᠦᠯᠵᠢᠯᠡᠨ ︽ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ | ᠲᠠᠯ᠎ᠠ ᠪᠠᠨ ᠬᠦᠴᠦᠷᠬᠡᠭᠵᠢᠭᠦᠯᠬᠦ︾ ᠴᠢᠬᠤᠯᠠᠲᠠᠶ ᠶᠤᠮ᠃ | ᠨᠢᠭᠡ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠭᠦᠢᠴᠡᠳ ᠪᠤᠰᠤ ᠪᠥᠭᠡᠳ ᠲᠡᠩᠴᠡᠭᠦᠷᠢ ᠥᠬᠡᠶ | ᠪᠠᠶᠢᠬᠤ ᠵᠥᠷᠢᠴᠡᠯ ᠢ ᠰᠢᠢᠳᠪᠦᠷᠢᠯᠡᠵᠦ᠂ ᠪᠣᠳᠠᠲᠠᠶ ᠪᠠᠷ ᠬᠤᠲᠠ ᠬᠥᠳᠡᠭᠡ᠂ ᠣᠷᠣᠨ ᠪᠦᠰᠡ᠂ ᠬᠥᠮᠦᠰ᠂ ᠬᠥᠳᠡᠯᠭᠡᠭᠡᠨ ᠤ ᠲᠥᠷᠥᠯ ᠵᠦᠢᠯ ᠤᠨ ᠬᠥᠭᠵᠢᠯᠲᠡ | ᠭᠦᠢᠴᠡᠳ ᠪᠤᠰᠤ ᠪᠠᠶᠢᠬᠤ ᠪᠠ ᠲᠡᠩᠴᠡᠭᠦᠷᠢ ᠥᠬᠡᠶ ᠪᠠᠶᠢᠬᠤ ᠪᠠᠶᠢᠳᠠᠯ ᠢ ᠢᠯᠡᠷᠡᠭᠦᠯᠬᠦ ᠬᠡᠷᠡᠭᠲᠡᠶ᠃ | ᠬᠤᠶᠠᠷ ᠲᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠡᠯ᠎ᠡ ᠡᠯᠧᠮᠧᠨ᠋ᠲ ᠤᠨ ᠬᠤᠭᠤᠷᠣᠨᠳᠣ ᠣᠷᠣᠰᠢᠵᠤ ᠪᠠᠶᠢᠭ᠎ᠠ | ᠬᠥᠭᠵᠢᠯᠲᠡ ᠭᠦᠢᠴᠡᠳ ᠪᠤᠰᠤ ᠲᠡᠩᠴᠡᠭᠦᠷᠢ ᠥᠬᠡᠶ ᠪᠠᠶᠢᠬᠤ ᠵᠥᠷᠢᠴᠡᠯ ᠢ ᠰᠢᠢᠳᠪᠦᠷᠢᠯᠡᠵᠦ᠂ ᠬᠠᠮᠤᠭ ᠤᠨ ᠲᠣᠪᠤᠶᠢᠮ᠎ᠠ ᠳᠤᠲᠠᠭᠤᠳᠠᠯ ᠢ ᠦᠨᠳᠦᠰᠦᠨ ᠱᠠᠲᠤᠨ ᠤ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠢᠯᠡᠷᠡᠭᠦᠯᠬᠦ ᠬᠡᠷᠡᠭᠲᠡᠶ᠃ | ᠭᠤᠷᠪᠠ ᠳᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠠᠷᠠᠳ ᠲᠦᠮᠡᠨ ᠤ | ᠠᠵᠠ ᠵᠢᠷᠭᠠᠯ ᠢ ᠨᠡᠮᠡᠭᠳᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠲᠠᠢ ᠪᠠᠷ ᠬᠦᠴᠦᠯᠡᠵᠦ᠂ ᠳᠠᠷᠠᠭᠠᠴᠢ ᠶᠢᠨ | ᠱᠠᠲᠤᠨ ᠳᠤ ᠳᠣᠣᠷᠠᠬᠢ ᠶᠢᠰᠦᠨ ᠲᠠᠯ᠎ᠠ ᠪᠠᠷ ᠦᠷᠭᠦᠯᠵᠢᠯᠡᠨ ᠬᠦᠴᠦᠯᠡᠨ᠎ᠡ᠃ ᠨᠢᠭᠡ ᠳᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ | ᠪᠡᠯᠡᠳᠬᠡᠮᠵᠢ ᠶᠢ ᠳᠡᠭᠡᠭᠰᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠬᠥᠭᠵᠢᠯᠲᠡ᠂ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠬᠠᠷᠢᠯᠴᠠᠨ | ᠵᠣᠬᠢᠴᠠᠯᠳᠤᠭᠰᠠᠨ ᠲᠠᠯᠠᠪᠤᠷ ᠭᠠᠵᠠᠷ ᠤᠨ ᠪᠡᠯᠡᠳᠬᠡᠮᠵᠢ ᠬᠠᠩᠭᠠᠬᠤ ᠲᠣᠭᠲᠠᠴᠠ ᠶᠢ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ︽ᠪᠡᠶ᠎ᠡ | ᠴᠢᠭᠢᠷᠠᠭᠵᠢᠭᠤᠯᠬᠤ ᠳᠤ ᠬᠠᠮᠢᠭ᠎ᠠ ᠣᠴᠢᠬᠤ︾ ᠬᠦᠴᠢᠷ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠬᠤᠶᠠᠷ ᠲᠤ᠂ ᠣᠯᠠᠨ ᠲᠦᠮᠡᠨᠴᠢ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠪᠣᠷᠣ ᠲᠥᠯᠥᠪ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ | ᠣᠯᠠᠨ ᠲᠦᠮᠡᠨᠴᠢ ᠤᠷᠤᠯᠳᠤᠭᠠᠨ ᠤ ᠠᠵᠢᠯᠯᠠᠭ᠎ᠠ᠂ ᠪᠥᠬᠦ ᠤᠯᠤᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ᠂ ᠨᠡᠶᠢᠭᠡᠮ ᠲᠣᠭᠤᠷᠢᠭ ᠤᠨ | ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠲᠦᠷᠦᠭᠦᠯᠡᠭᠦᠯᠦᠨ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠵᠡᠷᠭᠡ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠭᠤᠤᠯ ᠰᠡᠳᠦᠪᠲᠦ ᠠᠵᠢᠯᠯᠠᠭ᠎ᠠ ᠪᠠᠷ ᠵᠢᠱᠢᠶ᠎ᠡ ᠦᠵᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠤᠯᠠᠨ ᠲᠦᠮᠡᠨ ᠢ | ᠴᠢᠩᠭ᠎ᠠ ᠠᠩᠬᠠᠷᠴᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠬᠡᠶᠢᠰᠪᠦᠷᠢ ᠪᠣᠳᠠᠲᠤ ᠪᠠᠶᠢᠳᠠᠯ ᠢ ᠤᠶᠠᠯᠳᠤᠭᠤᠯᠬᠤ ᠶᠢ ᠢᠳᠡᠪᠬᠢᠲᠡᠶ ᠰᠦᠪᠡᠭᠴᠢᠯᠡᠵᠦ᠂ | ᠣᠯᠠᠨ ᠲᠠᠰ ᠳᠠᠪᠬᠤᠷᠭ᠎ᠠ ᠣᠯᠠᠨ ᠶᠠᠩᠵᠤ ᠶᠢᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠭᠤᠷᠪᠠ ᠳᠤ᠂ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠲᠦᠮᠡᠨᠴᠢ | ᠪᠡᠶ᠎ᠡ ᠶᠢᠨ ᠲᠠᠮᠢᠷ ᠤᠨ ᠲᠦᠷᠭᠡᠨ ᠬᠥᠭᠵᠢᠯᠲᠡ ᠶᠢᠨ ᠶᠠᠪᠤᠴᠠ ᠳᠤ ᠢᠯᠡᠷᠡᠭᠰᠡᠨ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ᠂ ᠠᠮᠤᠷ ᠲᠦᠪᠰᠢᠨ | ᠬᠥᠭᠵᠢᠯᠲᠡ ᠵᠡᠷᠭᠡ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠥᠪ ᠴᠢᠭᠯᠡᠯ ᠢᠶᠠᠷ | ᠵᠢᠷᠤᠮᠵᠢᠭᠤᠯᠵᠤ᠂ ᠡᠰᠡᠷᠭᠦ ᠴᠢᠭᠯᠡᠯ ᠢᠶᠠᠷ ᠬᠢᠵᠠᠭᠠᠷᠯᠠᠬᠤ︾ ᠶᠢ ᠪᠠᠷᠢᠮᠲᠠᠯᠠᠵᠤ᠂ ᠤᠯᠠᠨ ᠲᠦᠮᠡᠨ ᠤ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠪᠠ | ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃ ᠳᠥᠷᠪᠡᠳᠦᠭᠡᠷ ᠲᠤ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠬᠠᠩᠭᠠᠯᠭ᠎ᠠ ᠶᠢᠨ ︽ᠡᠴᠦᠰ ᠤᠨ ᠨᠢᠭᠡ ᠺᠢᠯᠦᠮᠧᠳ᠋ᠷ︾ ᠢ ᠨᠡᠪᠲᠡᠷᠡᠭᠦᠯᠵᠦ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠤᠯᠠᠨ ᠲᠦᠮᠡᠨ ᠤ | ᠳᠡᠷᠭᠡᠳᠡ ᠰᠢᠭᠤᠳ ᠬᠦᠷᠭᠡᠨ᠎ᠡ᠃ ᠲᠠᠪᠤᠳᠤᠭᠠᠷ ᠲᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ | ᠥᠷᠭᠡᠨ ᠤᠯᠠᠨ ᠠᠷᠠᠳ ᠲᠦᠮᠡᠨ ᠤ ᠤᠯᠠᠮ ᠠᠴᠠ ᠤᠯᠠᠮ ᠬᠦᠭᠵᠢᠵᠦ ᠪᠤᠢ ᠥᠪᠡᠷᠮᠢᠴᠡ᠂ ᠲᠤᠰᠬᠠᠶᠢᠵᠢᠭᠰᠠᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ | ᠱᠠᠭᠠᠷᠳᠠᠯᠭ᠎ᠠ ᠶᠢᠨ ᠡᠮᠦᠨ᠎ᠡ᠂ ᠲᠦᠷᠢᠮ ᠤᠨ ᠪᠠᠷᠢᠮᠵᠢᠶ᠎ᠠ᠂ ᠴᠢᠳᠠᠪᠤᠷᠢᠲᠠᠨ ᠤ ᠡᠩᠨᠡᠭᠡ᠂ ᠪᠡᠶ᠎ᠡ ᠴᠢᠭᠢᠷᠠᠭᠵᠢᠭᠤᠯᠬᠤ ᠠᠷᠭ᠎ᠠ ᠵᠡᠷᠭᠡ ᠲᠠᠯ᠎ᠠ ᠪᠠᠷ ᠲᠡᠭᠦᠯᠳᠡᠷᠵᠢᠭᠦᠯᠦᠨ | ᠳᠡᠭᠡᠭᠰᠢᠯᠡᠭᠦᠯᠦᠨ᠎ᠡ᠃ ᠵᠢᠷᠭᠤᠭ᠎ᠠ ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠲᠦᠷᠢᠮ ᠤᠨ ᠰᠢᠰᠲ᠋ᠧᠮ ᠢ ᠥᠭᠡᠷᠡᠴᠢᠯᠡᠨ | ᠲᠡᠭᠦᠯᠳᠡᠷᠵᠢᠭᠦᠯᠵᠦ᠂ ︽ᠵᠦᠪᠰᠢᠶᠡᠷᠡᠬᠦ ᠪᠠᠷᠢᠮᠵᠢᠶ᠎ᠠ ᠶᠢ ᠪᠠᠭᠤᠷᠠᠭᠤᠯᠬᠤ᠂ ᠡᠩᠨᠡᠭᠡᠨ ᠤ ᠲᠤᠭ᠎ᠠ ᠬᠡᠮᠵᠢᠶ᠎ᠡ ᠶᠢ ᠥᠷᠭᠡᠳᠬᠡᠬᠦ᠂ ᠦᠢᠯᠡᠳᠦᠯ ᠢ ᠲᠠᠬᠢᠨ ᠪᠠᠳᠠᠷᠠᠭᠤᠯᠬᠤ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠱᠠᠳᠤ ᠬᠤᠪᠢᠶᠠᠨ ᠲᠦᠷᠦᠯ ᠬᠤᠪᠢᠶᠠᠨ ᠬᠠᠮᠢᠶᠠᠷᠬᠤ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ | ᠬᠥᠭᠵᠢᠭᠡᠬᠦ︾ ᠰᠡᠳᠬᠢᠴᠡ ᠶᠣᠰᠣᠭᠠᠷ᠂ ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠣᠷᠣᠭᠤᠯᠤᠨ ᠨᠡᠶᠢᠲᠡᠯᠡᠬᠦ ᠶᠢ ᠲᠦᠷᠭᠡᠳᠬᠡᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠦᠢᠯᠡᠳᠦᠯ ᠢ ᠦᠨᠡᠨ ᠬᠦ ᠰᠠᠶᠢᠲᠤᠷ | ᠪᠠᠳᠠᠷᠠᠭᠤᠯᠤᠨ᠎ᠡ᠃ ᠳᠣᠯᠤᠭ᠎ᠠ ᠳᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠶᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡ ᠲᠠᠢ ᠣᠷᠭᠠᠨᠢᠭ ᠢᠶᠠᠷ ᠤᠶᠠᠯᠳᠤᠭᠤᠯᠵᠤ | ᠂ ᠵᠢᠵᠢᠭ ᠬᠡᠯᠪᠡᠷᠢ ᠶᠢᠨ᠂ ᠣᠯᠠᠨ ᠶᠠᠩᠵᠤ ᠶᠢᠨ᠂ ᠳᠥᠭᠦᠮ ᠳᠥᠲᠡ᠂ ᠣᠯᠠᠨ ᠲᠦᠮᠡᠨ ᠤ ᠳᠡᠷᠭᠡᠳᠡ ᠣᠶᠢᠷᠠᠲᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠨᠠᠢᠮᠠ ᠳᠤ᠂ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠰᠢᠨᠵᠢᠬᠦ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ ᠪᠠᠶᠢᠴᠠᠭᠠᠬᠤ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ | ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠦᠨᠳᠦᠰᠦᠨ ᠠᠵᠢᠯ ᠤᠨ | ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠰᠢᠨᠵᠢᠬᠦ ᠠᠵᠢᠯ ᠢ ᠰᠦᠪᠡᠭᠴᠢᠯᠡᠵᠦ᠂ ᠨᠢᠭᠡ ᠵᠢᠯ ᠢᠶᠠᠷ ᠦᠶᠡᠯᠡᠯ | ᠪᠣᠯᠭᠠᠨ ᠪᠠᠶᠢᠩᠭᠤᠵᠢᠭᠰᠠᠨ᠂ ᠦᠶᠡᠯᠡᠯᠲᠦ ᠴᠢᠨᠠᠷᠲᠠᠶ ᠪᠦᠷᠢᠳᠬᠡᠯ ᠬᠢᠬᠦ ᠶᠢ ᠰᠦᠪᠡᠭᠴᠢᠯᠡᠨ᠂ ᠤᠯᠤᠰ ᠠᠷᠠᠳ ᠤᠨ ᠪᠡᠶ᠎ᠡ ᠮᠠᠬᠠᠪᠣᠳ ᠤᠨ ᠪᠠᠷᠢᠮᠵᠢᠶ᠎ᠠ ᠳᠤ ᠬᠦᠷᠦᠭᠰᠡᠨ | ᠨᠣᠷᠮ᠎ᠠ ᠪᠠ ᠰᠢᠯᠢᠳᠡᠭ ᠰᠠᠶᠢᠨ ᠨᠣᠷᠮ᠎ᠠ ᠶᠢ ᠬᠥᠳᠡᠯᠦᠩᠭᠦᠶ ᠪᠠᠷ ᠡᠵᠡᠮᠰᠢᠭᠦᠯᠦᠨ᠎ᠡ︔ ᠪᠥᠬᠦ ᠠᠷᠠᠳ ᠤᠨ ᠪᠡᠶ᠎ᠡ ᠮᠠᠬᠠᠪᠣᠳ ᠤᠨ ᠬᠥᠭᠵᠢᠯᠲᠡ ᠶᠢᠨ ᠬᠠᠨᠳᠤᠰᠢ ᠶᠢ | ᠰᠢᠨᠵᠢᠯᠡᠬᠦ ᠤᠬᠠᠭᠠᠨᠴᠢ ᠪᠠᠷ ᠲᠦᠰᠦᠭᠡᠯᠡᠨ᠎ᠡ︔ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠬᠥᠭᠵᠢᠯᠲᠡ ᠬᠤᠪᠢᠷᠠᠯᠲᠠ ᠶᠢᠨ ᠬᠠᠨᠳᠤᠰᠢ ᠶᠢ | ᠪᠣᠭᠤᠨᠢᠰᠬᠠᠬᠤ ᠶᠢ ᠰᠦᠪᠡᠭᠴᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠬᠥᠭᠵᠢᠯᠲᠡ ᠬᠤᠪᠢᠷᠠᠯᠲᠠ ᠶᠢᠨ ᠬᠠᠨᠳᠤᠰᠢ ᠶᠢ ᠴᠠᠭ | ᠲᠤᠬᠠᠶ ᠳᠤᠨᠢ ᠡᠵᠡᠮᠰᠢᠨ᠎ᠡ︔ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢᠨ ᠠᠵᠢᠯ ᠳᠤ ᠨᠡᠭᠡᠭᠡᠯᠲᠡ ᠬᠢᠬᠦ ᠣᠨᠣᠯᠵᠢᠬᠤᠨ ᠢᠶᠠᠷ ᠨᠡᠶᠢᠭᠡᠮ ᠤᠨ | ᠬᠦᠴᠦᠨ ᠪᠠ ᠳᠡᠭᠡᠳᠦ ᠰᠢᠨ᠎ᠡ ᠠᠵᠤ ᠠᠬᠤᠶᠢᠯᠠᠯ ᠵᠡᠷᠭᠡ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠥᠷᠨᠢᠭᠦᠯᠬᠦ | ᠬᠡᠯᠪᠡᠷᠢ ᠳᠤ ᠰᠢᠨ᠎ᠡ ᠶᠢ ᠡᠭᠦᠳᠦᠨ᠎ᠡ᠃ ᠶᠢᠰᠦ ᠳᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ | ᠠᠭᠤᠰᠤᠯᠴᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠶᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠪᠥᠬᠦ ᠠᠷᠠᠳ ᠤᠨ | ᠡᠷᠡᠭᠦᠯ ᠮᠡᠨᠳᠦ ᠶᠢ ᠳᠡᠭᠡᠭᠰᠢᠯᠡᠭᠦᠯᠬᠦ ᠪᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠬᠢ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ | ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠤᠷ᠎ᠠ ᠴᠢᠳᠠᠪᠤᠷᠢ ᠶᠢ ᠤᠯᠠᠮᠵᠢᠯᠠᠨ᠎ᠠ᠃ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ ᠲᠤᠯᠭᠠᠭᠤᠷᠢᠯᠠᠯ ᠪᠠᠲᠤᠯᠠᠭ᠎ᠠ ᠶᠢ | ᠴᠢᠩᠭᠠᠳᠬᠠᠨ᠎ᠠ ᠣᠯᠠᠨ ᠲᠦᠮᠡᠨᠴᠢ ᠪᠡᠶ᠎ᠡ ᠶᠢᠨ ᠲᠠᠮᠢᠷ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠢ ᠬᠥᠮᠦᠨ | ᠨᠢᠭᠡᠪᠦᠷᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠵᠤ ᠪᠠᠶᠢᠳᠠᠭ᠃ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠥᠷᠨᠢᠭᠦᠯᠬᠦ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠳᠡᠮᠵᠢᠨ ᠠᠩᠬᠠᠷᠴᠤ᠂ ᠣᠯᠠᠨ | ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠤᠳᠤᠷᠢᠳᠤᠭᠰᠠᠨ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠭᠤᠤᠯᠯᠠᠭᠰᠠᠨ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠲᠦᠰᠢᠭ ᠲᠤᠯᠭᠠᠭᠤᠷᠢ᠂ ᠡᠯ᠎ᠡ ᠲᠠᠯ᠎ᠠ ᠶᠢᠨ ᠬᠢᠨ ᠣᠷᠣᠯᠴᠠᠭᠰᠠᠨ ᠪᠦᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠶ᠃ ︽ᠲᠣᠮᠣ ᠤᠯᠠᠨ ᠲᠦᠮᠡᠨᠴᠢ︾ ᠤᠨ | ᠪᠠᠶᠢᠷᠢᠰᠢᠯ ᠢ ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠳᠤ ᠠᠭᠤᠰᠤᠯᠴᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠠᠪᠤᠴᠠ ᠳᠠᠬᠢ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠦᠷᠳᠡᠭ | ᠪᠣᠯᠤᠨ ᠤᠯᠠᠨ ᠡᠰᠢᠲᠦ ᠴᠢᠳᠠᠮᠵᠢ ᠶᠢ ᠭᠦᠨᠵᠡᠭᠡᠢ ᠲᠠᠨᠢᠨ ᠭᠦᠢᠴᠡᠳ ᠪᠠᠳᠠᠷᠠᠭᠤᠯᠵᠤ᠂ ᠠᠵᠢᠯ ᠤᠨ ᠳᠤᠮᠳᠠ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠪᠠ ᠲᠡᠭᠦᠨ ᠳᠤ ᠦᠢᠯᠡᠴᠢᠯᠡᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ | ᠢᠳᠡᠪᠬᠢᠵᠢᠯ ᠢ ᠲᠠᠶᠢᠴᠢᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢᠨ ᠰᠢᠰᠲ᠋ᠧᠮ ᠪᠣᠯᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠰᠢᠰᠲ᠋ᠧᠮᠵᠢᠭᠦᠯᠬᠦ᠂ ᠳᠥᠭᠦᠮᠴᠢᠯᠡᠨ | ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ᠂ | ᠤᠶᠤᠨᠴᠢᠯᠠᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠷᠤᠳᠠᠯ ᠢ ᠬᠤᠪᠢᠶᠠᠷᠢᠯᠠᠬᠤ ᠠᠷᠭ᠎ᠠ ᠮᠠᠶ᠋ᠢᠭ ᠪᠣᠯᠤᠨ | ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠢ ᠪᠦᠷᠢᠳᠬᠡᠵᠦ ᠬᠢᠨᠠᠨ ᠬᠡᠮᠵᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ | ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠲᠥᠪ᠂ ᠨᠡᠶᠢᠭᠡᠮᠯᠢᠭ᠂ ᠣᠷᠣᠨ ᠨᠤᠲᠤᠭ ᠤᠨ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠥᠷᠨᠢᠭᠦᠯᠬᠦ ᠶᠢ ᠦᠨᠡᠯᠡᠬᠦ᠂ ᠬᠢᠨᠠᠨ ᠵᠢᠯᠣᠭᠤᠳᠬᠤ | ᠂ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠵᠠᠷᠤᠳᠠᠯ ᠰᠢᠯᠵᠢᠭᠦᠯᠦᠨ ᠥᠭᠬᠦ᠂ ᠦᠢᠯᠡᠴᠢᠯᠡᠭᠡᠨ | ᠬᠤᠳᠠᠯᠳᠤᠨ ᠠᠪᠬᠤ᠂ ᠰᠢᠯᠢᠳᠡᠭ ᠢ ᠡᠭᠦᠳᠴᠦ ᠲᠡᠷᠢᠭᠦᠨ ᠤ ᠬᠢ ᠶᠢ ᠰᠢᠯᠭᠠᠷᠠᠭᠤᠯᠬᠤ ᠵᠡᠷᠭᠡ ᠯᠦᠭᠡ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠶ᠃ |