| ᠣᠶᠢᠷ᠎ᠠ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ | ︽ᠠᠷᠭ᠎ᠠ︾ ᠭᠡᠵᠦ ᠲᠣᠪᠴᠢᠯᠠᠨ᠎ᠠ︶ ᠶᠢ ᠵᠢᠩᠬᠢᠨᠢ ᠪᠠᠷ ᠨᠡᠶᠢᠲᠡᠯᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠤᠨ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠪᠣᠯ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠦᠢᠯᠡᠰ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠷᠢᠯᠳᠦᠭᠦᠨ ᠬᠡᠰᠡᠭ ᠮᠥᠨ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠪᠠ ᠣᠯᠠᠨ ᠤᠯᠤᠰ ᠤᠨ ᠰᠣᠯᠢᠯᠴᠠᠭ᠎ᠠ ᠶᠢ ᠲᠦᠯᠬᠢᠨ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ︽ᠠᠷᠭ᠎ᠠ︾ ᠳᠤ ᠵᠠᠰᠠᠪᠤᠷᠢ | ᠣᠷᠣᠭᠤᠯᠵᠤ᠂ ᠬᠢᠨᠠᠨ ᠬᠠᠮᠢᠶᠠᠷᠬᠤ᠂ ᠪᠠᠲᠤᠯᠠᠬᠤ ᠶᠢᠨ ᠬᠠᠤᠯᠢ ᠲᠣᠭᠲᠠᠭᠠᠬᠤ ᠦᠨᠳᠦᠰᠦᠯᠡᠯ ᠢ ᠲᠡᠭᠦᠯᠳᠡᠷᠵᠢᠭᠦᠯᠦᠨ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ | ᠲᠠᠮᠢᠷ ᠤᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠠᠰᠢᠭᠲᠠᠢ ᠶᠤᠮ ᠭᠡᠪᠡ᠃ ᠲᠣᠰ | ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠤᠯ ᠤᠨ ︽ᠠᠷᠭ᠎ᠠ︾ ᠶᠢ 2006 ᠣᠨ ᠤ 11 ᠰᠠᠷ᠎ᠠ ᠶᠢᠨ 17 ᠤ ᠡᠳᠦᠷ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠢ ᠲᠣᠪᠴᠢᠶ᠎ᠠ ᠶᠢᠨ ᠵᠠᠷᠯᠢᠭ ᠤᠨ ᠬᠡᠯᠪᠡᠷᠢ ᠪᠠᠷ ᠳᠠᠷᠤᠮᠠᠯᠯᠠᠨ ᠲᠠᠷᠬᠠᠭᠠᠵᠤ ᠨᠡᠶᠢᠲᠡᠯᠡᠪᠡ᠂ ᠡᠨᠡ ᠨᠢ ᠨᠡᠯᠢᠶᠡᠳ ᠣᠷᠳᠣ ᠬᠤᠭᠤᠴᠠᠭᠠᠨ ᠳᠤ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ᠂ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠬᠤ ᠳᠤ | ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠪᠡᠶ᠎ᠡ ᠶᠢᠨ ᠲᠠᠮᠢᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ | ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ | ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠢᠯᠠᠩᠭᠤᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠨᠢ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠢ | ᠪᠠᠭᠲᠠᠭᠠᠭᠰᠠᠨ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ | ᠪᠠᠶᠢᠨ᠎ᠠ᠃ 2022 ᠣᠨ ᠤ 6 ᠰᠠᠷ᠎ᠠ ᠶᠢᠨ 24 ᠤ ᠡᠳᠦᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠡᠶ᠎ᠡ ᠶᠢᠨ ᠲᠠᠮᠢᠷ ᠤᠨ ᠬᠠᠤᠯᠢ︾ ᠳᠤ ︽ᠤᠯᠠᠮᠵᠢᠯᠠᠯᠲᠤ ᠪᠡᠶ᠎ᠡ ᠶᠢᠨ ᠲᠠᠮᠢᠷ︾ ᠤᠨ ᠵᠦᠢᠯ ᠵᠤᠷᠪᠤᠰ ᠢ ᠤᠤᠯ ᠤᠨ ︽ᠨᠡᠶᠢᠭᠡᠮ ᠤᠨ ᠪᠡᠶ᠎ᠡ ᠶᠢᠨ ᠲᠠᠮᠢᠷ︾ ᠭᠡᠬᠦ | ᠪᠦᠯᠦᠭ ᠠᠴᠠ ᠶᠡᠷᠦᠩᠬᠡᠢ ᠳᠦᠷᠢᠮ ᠳᠤ ᠰᠢᠯᠵᠢᠭᠦᠯᠦᠭᠰᠡᠨ ᠨᠢ ᠳᠤᠮᠳᠠᠳᠤ ᠶᠢᠨ ᠤᠯᠠᠮᠵᠢᠯᠠᠯᠲᠤ ᠪᠡᠶ᠎ᠡ ᠶᠢᠨ ᠲᠠᠮᠢᠷ ᠢ ᠴᠢᠬᠤᠯᠠᠴᠢᠯᠠᠵᠤ ᠪᠠᠶᠢᠬᠤ ᠶᠢ ᠳᠣᠪᠤᠶᠢᠯᠭᠠᠭᠰᠠᠨ | ᠪᠠᠶᠢᠨ᠎ᠠ᠃ 2006 ᠣᠨ ᠤ ᠬᠢ ᠲᠠᠢ ᠬᠠᠷᠢᠴᠠᠭᠤᠯᠪᠠᠯ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠲᠥᠷᠥᠯ ᠵᠦᠢᠯ ᠤᠨ ᠬᠡᠯᠪᠡᠷᠢ᠂ ᠬᠥᠭᠵᠢᠯᠲᠡ ᠶᠢᠨ | ᠬᠡᠪᠴᠢᠶ᠎ᠡ᠂ ᠨᠥᠯᠥᠭᠡᠯᠡᠬᠦ ᠬᠡᠪᠴᠢᠶ᠎ᠡ ᠵᠢᠴᠢ ᠨᠡᠶᠢᠭᠡᠮᠴᠢᠯᠡᠭᠰᠡᠨ ᠬᠡᠮᠵᠢᠶ᠎ᠡ ᠵᠡᠷᠭᠡ ᠲᠠᠯ᠎ᠠ ᠪᠠᠷ ᠴᠥᠮ ᠰᠢᠨ᠎ᠡ ᠣᠨᠴᠠᠯᠢᠭ ᠢᠯᠡᠷᠡᠵᠦ᠂ ᠤᠤᠯ ᠤᠨ ︽ᠠᠷᠭ᠎ᠠ︾ ᠨᠢ | ᠨᠢᠭᠡᠨᠲᠡ ᠬᠠᠷᠢᠴᠠᠩᠭᠤᠢ ᠪᠠᠷ ᠬᠤᠴᠤᠷᠤᠩᠭᠤᠢ ᠪᠣᠯᠵᠤ᠂ ᠰᠢᠨ᠎ᠡ ᠴᠠᠭ ᠦᠶ᠎ᠡ ᠶᠢᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠴᠢᠨᠠᠷ ᠰᠠᠶᠢᠲᠠᠢ | ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠳᠤ ᠪᠡᠷᠬᠡ ᠪᠣᠯᠵᠠᠢ᠃ | ᠲᠤᠰ ᠬᠠᠷᠢᠭᠤᠴᠠᠯᠭᠠᠲᠠᠨ ᠬᠡᠯᠡᠬᠦ ᠳᠡᠭᠡᠨ᠂ ︽ᠠᠷᠭ᠎ᠠ︾ ᠳᠤ ᠵᠠᠰᠠᠪᠤᠷᠢ ᠣᠷᠣᠭᠤᠯᠬᠤ ᠠᠵᠢᠯ ᠢ 2022 ᠣᠨ ᠤ ᠳᠣᠣᠷ᠎ᠠ ᠬᠠᠭᠠᠰ ᠵᠢᠯ ᠠᠴᠠ ᠵᠢᠩᠬᠢᠨᠢ ᠪᠠᠷ | ᠡᠬᠢᠯᠡᠭᠦᠯᠪᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠬᠢᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠲᠥᠪ ᠲᠠᠢ ᠬᠠᠮᠲᠤᠷᠠᠨ ᠣᠶᠢᠷ᠎ᠠ ᠶᠢᠨ ᠵᠢᠯ ᠤᠨ ᠲᠤᠷᠰᠢᠬᠢ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠶᠢᠨ | ᠪᠠᠶᠢᠳᠠᠯ᠂ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠡᠯ᠎ᠡ ᠱᠠᠲᠤᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ | ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠲᠦᠮᠡᠨ ᠤ ︽ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠢ ᠰᠠᠨᠠᠯ | ᠰᠠᠨᠠᠭᠤᠯᠭ᠎ᠠ ᠶᠢ ᠬᠢᠨᠠᠮᠠᠭᠠᠢ ᠡᠮᠬᠢᠯᠡᠵᠦ᠂ ᠣᠳᠣᠬᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ | ᠰᠢᠨ᠎ᠡ ᠠᠰᠠᠭᠤᠳᠠᠯ ᠲᠠᠢ ᠤᠶᠠᠯᠳᠤᠭᠤᠯᠤᠨ᠂ ︽ᠠᠷᠭ᠎ᠠ︾ ᠳᠤ ᠵᠠᠰᠠᠪᠤᠷᠢ ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠲᠤᠰᠬᠠᠢ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ᠂ ᠶᠠᠷᠢᠯᠴᠠᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠬᠤ ᠪᠠᠷ ᠳᠠᠮᠵᠢᠭᠤᠯᠤᠨ᠂ ᠨᠡᠶᠢᠭᠡᠮ | ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠪᠥᠭᠡᠳ ︽ᠠᠷᠭ᠎ᠠ︾ ᠶᠢᠨ ᠲᠤᠬᠠᠢ ᠬᠤᠯᠪᠣᠭᠳᠠᠯ ᠪᠦᠬᠦᠢ ᠶᠠᠮᠤᠨ ᠬᠤᠷᠢᠶ᠎ᠠ ᠪᠣᠯᠣᠨ ᠪᠦᠬᠦ ᠤᠯᠤᠰ ᠤᠨ ᠪᠡᠶ᠎ᠡ ᠶᠢᠨ | ᠲᠠᠮᠢᠷ ᠤᠨ ᠰᠢᠰᠲ᠋ᠧᠮ ᠤᠨ ᠰᠠᠨᠠᠯ ᠢ ᠬᠤᠶᠠᠷ ᠤᠳᠠᠭ᠎ᠠ ᠬᠤᠷᠢᠶᠠᠵᠤ᠂ ᠤᠯᠤᠰ ᠲᠥᠷᠥ ᠬᠠᠤᠯᠢ ᠴᠠᠭᠠᠵᠠ ᠶᠢᠨ ᠵᠤᠷᠭᠠᠨ ᠠᠴᠠ ᠴᠤᠭᠯᠠᠭᠤᠯᠤᠭᠰᠠᠨ ᠰᠠᠨᠠᠯ | ᠰᠠᠨᠠᠭᠤᠯᠭ᠎ᠠ ᠶᠢ ᠵᠤᠷᠪᠤᠰ ᠳᠠᠷᠠᠭᠠᠯᠠᠨ ᠰᠤᠳᠤᠯᠵᠤ᠂ ᠵᠦᠢᠯ ᠵᠤᠷᠪᠤᠰ ᠤᠨ ᠠᠭᠤᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠴᠦᠰ ᠲᠡᠭᠡᠨ ︽ᠠᠷᠭ᠎ᠠ︾ ᠶᠢ | 2024 ᠣᠨ ᠤ 7 ᠰᠠᠷ᠎ᠠ ᠶᠢᠨ 10 ᠤ ᠡᠳᠦᠷ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯᠳᠤᠭᠠᠨ ᠢᠶᠠᠷ ᠬᠢᠨᠠᠨ | ᠶᠠᠷᠢᠯᠴᠠᠭᠤᠯᠵᠤ ᠪᠠᠲᠤᠯᠠᠭᠤᠯᠵᠠᠢ᠃ ᠲᠣᠰ ᠬᠠᠷᠢᠭᠤᠴᠠᠯᠭᠠᠲᠠᠨ ᠴᠢᠬᠤᠯᠠᠴᠢᠯᠠᠬᠤ ᠳᠠᠭᠠᠨ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠶᠡᠷᠦᠩᠬᠡᠢ ᠰᠡᠳᠬᠢᠮᠵᠢ ᠪᠣᠯ | ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ | ᠲᠠᠮᠢᠷ ᠤᠨ ᠲᠤᠬᠠᠢ ᠴᠢᠬᠤᠯᠠ ᠥᠭᠦᠯᠡᠯᠲᠡ ᠪᠠ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠬᠥᠭᠵᠢᠯᠲᠡ ᠶᠢᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠦᠨᠡᠨ ᠬᠦ ᠪᠠᠲᠤᠯᠠᠨ᠎ᠠ︔ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠠᠵᠢᠯ ᠤᠨ ᠣᠯᠠᠨ ᠵᠢᠯ ᠤᠨ ᠲᠤᠷᠰᠢᠬᠢ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ ᠢ ᠰᠢᠨᠵᠢᠯᠡᠬᠦ ᠤᠬᠠᠭᠠᠨᠴᠢ ᠪᠠᠷ ᠳ᠋ᠦᠩᠨᠡᠵᠦ᠂ | ᠤᠤᠯ ᠤᠨ ᠶᠡᠷᠦᠩᠬᠡᠢ ᠪᠣᠷᠣ ᠲᠥᠯᠥᠪ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ︽ᠠᠷᠭ᠎ᠠ︾ ᠳᠤ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠦ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠵᠥᠪᠰᠢᠶᠡᠷᠡᠯ ᠤᠨ ᠳᠦᠷᠢᠮ ᠢ ᠲᠡᠭᠦᠯᠳᠡᠷᠵᠢᠭᠦᠯᠦᠨ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠵᠦᠢᠯ ᠵᠤᠷᠪᠤᠰ ᠢ | ᠨᠠᠷᠢᠯᠢᠭᠵᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠭᠤᠯᠤᠨ ᠪᠦᠷᠢᠨᠰᠢᠭᠦᠯᠵᠦ᠂ ᠲᠥᠷᠥᠯ ᠵᠦᠢᠯ ᠤᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠲᠡᠭᠦᠨ ᠢ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠠᠵᠢᠯ ᠤᠨ ᠪᠣᠳᠠᠲᠠᠢ ᠳᠤ ᠨᠠᠩ ᠢᠯᠡᠭᠦᠦ ᠨᠡᠶᠢᠴᠡᠭᠦᠯᠵᠦ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯ ᠤᠨ ᠪᠣᠳᠠᠲᠠᠢ ᠳᠤ ᠨᠠᠩ ᠢᠯᠡᠭᠦᠦ ᠨᠡᠶᠢᠴᠡᠭᠦᠯᠵᠦ᠂ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠰᠢᠨ᠎ᠡ ᠱᠠᠭᠠᠷᠳᠠᠯᠭ᠎ᠠ ᠳᠤ ᠨᠠᠩ ᠢᠯᠡᠭᠦᠦ ᠨᠡᠶᠢᠴᠡᠭᠦᠯᠬᠦ ᠬᠡᠷᠡᠭᠲᠡᠢ︔ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ ᠬᠥᠭᠵᠢᠯᠲᠡ ᠶᠢ | ᠠᠬᠢᠭᠤᠯᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠭᠦᠷᠭᠡ | ᠲᠤᠰᠢᠶᠠᠯ ᠢᠶᠠᠨ ᠢᠳᠡᠪᠬᠢᠲᠡᠢ ᠪᠠᠷ ᠭᠦᠢᠴᠡᠳᠬᠡᠬᠦ ᠶᠢ ᠠᠬᠢᠭᠤᠯᠵᠤ᠂ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠲᠥᠷᠥᠯ ᠵᠦᠢᠯ ᠤᠨ ᠲᠦᠭᠡᠮᠡᠯᠵᠢᠯᠲᠡ ᠪᠠ ᠳᠡᠭᠡᠭᠰᠢᠯᠡᠯᠲᠡ ᠶᠢ ᠠᠬᠢᠭᠤᠯᠵᠤ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠴᠢᠯᠡᠭᠰᠡᠨ ᠬᠥᠭᠵᠢᠯᠲᠡ ᠶᠢ ᠳᠡᠮᠵᠢᠵᠦ᠂ ᠨᠠᠩ ᠣᠯᠠᠨ ᠨᠡᠶᠢᠭᠡᠮ ᠤᠨ ᠬᠦᠴᠦᠨ ᠤ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠬᠦ ᠳᠤ ᠣᠷᠣᠯᠴᠠᠬᠤ ᠶᠢ ᠵᠣᠷᠢᠭᠵᠢᠭᠤᠯᠵᠤ᠂ ᠡᠭᠦᠨ ᠤ ᠤᠯᠠᠮ ᠢᠶᠠᠷ ᠡᠭᠦᠷᠭᠡ ᠴᠢᠳᠠᠪᠤᠷᠢ ᠪᠠᠨ | ᠲᠦᠷᠭᠡᠳᠬᠡᠨ ᠬᠤᠪᠢᠷᠠᠭᠤᠯᠵᠤ᠂ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠂ ᠰᠢᠨ᠎ᠡ ᠶᠢ ᠡᠭᠦᠳᠦᠨ ᠬᠥᠭᠵᠢᠬᠦ ᠶᠢ ᠪᠡᠶᠡᠯᠡᠭᠦᠯᠦᠨ᠎ᠡ᠃ ᠲᠣᠰ ᠬᠠᠷᠢᠭᠤᠴᠠᠯᠭᠠᠲᠠᠨ | ᠵᠢᠭᠠᠵᠤ ᠭᠠᠷᠭᠠᠭᠰᠠᠨ ᠨᠢ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠭ᠎ᠠ︾ ᠨᠢ ᠨᠡᠶᠢᠲᠡ ᠲᠤᠯᠤᠭᠠᠨ ᠪᠦᠯᠦᠭ ᠳᠥᠴᠢᠨ ᠬᠤᠶᠠᠷ ᠵᠦᠢᠯ ᠲᠠᠢ᠂ ᠡᠭᠦᠨ ᠳᠤ | ᠶᠡᠷᠦᠩᠬᠡᠢ ᠳᠦᠷᠢᠮ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠷᠭ᠎ᠠ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠵᠣᠬᠢᠶᠠᠨ ᠪᠠᠶᠢᠭᠤᠯᠤᠯᠲᠠ | ᠂ ᠬᠢᠨᠠᠯᠲᠠ ᠬᠠᠮᠢᠶᠠᠷᠤᠯᠲᠠ᠂ ᠪᠠᠲᠤᠯᠠᠭ᠎ᠠ ᠶᠢᠨ ᠨᠥᠬᠦᠴᠡᠯ᠂ ᠬᠠᠤᠯᠢ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠭᠰᠠᠨ ᠳᠦᠷᠢᠮ ᠪᠠᠭᠲᠠᠨ᠎ᠠ᠃ ᠶᠡᠷᠦᠩᠬᠡᠢ ᠪᠣᠷᠣ | ᠲᠥᠯᠥᠪ ᠤᠨ ᠲᠠᠯ᠎ᠠ ᠪᠠᠷ᠂ ᠤᠤᠯ ᠤᠨ ᠲᠠᠪᠤᠳᠤᠭᠠᠷ ᠪᠦᠯᠦᠭ ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ︾ ᠶᠢ ᠬᠠᠰᠤᠬᠤ ᠳᠤ᠂ ᠭᠤᠣᠯᠳᠠᠭᠤ | 2007 ᠣᠨ ᠠᠴᠠ ᠨᠠᠭᠠᠰᠢ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠵᠦᠢᠯᠡᠰ ᠲᠤ ︿ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠮᠡᠷᠭᠡᠵᠢᠯ ᠤᠨ ᠵᠡᠷᠭᠡ ᠳᠡᠰ ᠤᠨ ᠳᠦᠷᠢᠮ﹀ ᠢ | ᠬᠡᠷᠡᠭᠵᠢᠭᠦᠯᠬᠦ ᠲᠦᠷ ᠬᠡᠷᠡᠭᠵᠢᠭᠦᠯᠬᠦ ᠠᠷᠭ᠎ᠠ︾ ︵ᠪᠡᠶ᠎ᠡ ᠲᠠᠮᠢᠷ ᠤᠨ ᠤᠯᠠᠨ ᠲᠦᠮᠡᠨᠴᠢ ᠦᠰᠦᠭ ︹2007︺ 18 ᠳ᠋ᠤᠭᠠᠷ ᠲᠣᠭᠠᠲᠤ︶ ᠵᠢᠴᠢ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠲᠥᠪ ᠤᠨ ᠳᠠᠷᠤᠮᠠᠯᠯᠠᠨ ᠲᠠᠷᠬᠠᠭᠠᠭᠰᠠᠨ ᠠᠯᠢ ᠤᠯᠠᠨ ᠵᠦᠢᠯᠡᠰ ᠤᠨ ᠳᠦᠷᠢᠮ ᠤᠨ ᠪᠠᠷᠢᠮᠵᠢᠶ᠎ᠠ ᠶᠢᠨ ᠵᠢᠷᠤᠮᠵᠢᠯ ᠤᠨ | ᠪᠢᠴᠢᠭ ᠮᠠᠲ᠋ᠧᠷᠢᠶᠠᠯ ᠳᠤ ᠨᠢᠭᠡᠨᠲᠡ ᠨᠡᠩ ᠨᠠᠷᠢᠨ ᠪᠣᠳᠠᠲᠠᠢ ᠠᠭᠤᠯᠭ᠎ᠠ ᠶᠢᠨ ᠲᠣᠭᠲᠠᠭᠠᠯ ᠲᠠᠢ ᠪᠣᠯᠤᠭᠰᠠᠨ ᠢ ᠪᠣᠳᠣᠯᠬᠢᠯᠠᠪᠠ︔ ︽ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠵᠣᠬᠢᠶᠠᠨ ᠪᠠᠶᠢᠭᠤᠯᠤᠯᠲᠠ︾ ᠶᠢᠨ ᠪᠦᠯᠦᠭ ᠬᠡᠰᠡᠭ ᠢ ᠰᠢᠨ᠎ᠡ ᠪᠠᠷ ᠨᠡᠮᠡᠵᠦ᠂ ᠨᠠᠮ ᠤᠨ ᠤᠳᠤᠷᠢᠳᠤᠯᠭ᠎ᠠ ᠶᠢᠨ ᠱᠠᠭᠠᠷᠳᠠᠯᠭ᠎ᠠ ᠶᠢ ᠲᠣᠪᠤᠶᠢᠮ᠎ᠠ | ᠪᠠᠷᠢᠮᠲᠠᠯᠠᠨ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠵᠣᠬᠢᠶᠠᠨ ᠪᠠᠶᠢᠭᠤᠯᠤᠯᠲᠠ ᠪᠦᠬᠦᠨ ᠳᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠲᠣᠳᠣᠷᠬᠠᠶᠢᠯᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ | ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ᠂ ᠳᠤᠮᠳᠠᠳᠤ ᠤᠯᠤᠰ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠤᠨ | ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠵᠢᠴᠢ ᠣᠷᠣᠨ ᠨᠤᠲᠤᠭ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠬᠢᠭᠡᠳ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠴᠠᠭ᠎ᠠ ᠶᠢ ᠲᠤᠳᠤᠷᠬᠠᠶᠢᠯᠠᠪᠠ︔ ︽ᠬᠢᠨᠠᠯᠲᠠ ᠬᠠᠮᠢᠶᠠᠷᠤᠯᠲᠠ︾ ᠶᠢᠨ ᠪᠦᠯᠦᠭ ᠬᠡᠰᠡᠭ ᠢ ᠰᠢᠨ᠎ᠡ ᠪᠠᠷ | ᠨᠡᠮᠡᠵᠦ᠂ ᠤᠤᠯ ᠤᠨ ᠭᠤᠷᠪᠠᠳᠤᠭᠠᠷ ᠪᠦᠯᠦᠭ ᠤᠨ ︽ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ︾ ᠶᠢᠨ ᠭᠤᠣᠯ ᠵᠦᠢᠯ ᠵᠤᠷᠪᠤᠰ ᠪᠣᠯᠣᠨ | ᠤᠤᠯ ᠤᠨ ᠳᠥᠷᠪᠡᠳᠦᠭᠡᠷ ᠪᠦᠯᠦᠭ ᠤᠨ ︽ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠥᠷᠲᠡᠭᠡ︾ ᠶᠢᠨ ᠪᠦᠬᠦ ᠵᠦᠢᠯ ᠵᠤᠷᠪᠤᠰ ᠢ ᠲᠤᠰ ᠪᠦᠯᠦᠭ ᠲᠤ | ᠨᠡᠶᠢᠯᠡᠭᠦᠯᠦᠨ ᠣᠷᠣᠭᠤᠯᠵᠠᠢ᠃ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠥᠷᠨᠢᠭᠦᠯᠬᠦ ᠪᠠ ᠪᠡᠶ᠎ᠡ ᠴᠢᠭᠢᠷᠠᠭᠵᠢᠭᠤᠯᠬᠤ ᠠᠮᠢᠰᠬᠤᠯ ᠤᠨ | ᠲᠠᠮᠢᠷ ᠤᠨ ᠥᠷᠲᠡᠭᠡ ᠴᠢᠭ᠋ ᠪᠠᠶᠢᠭᠤᠯᠬᠤ ᠬᠤᠶᠠᠷ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠠᠮᠢᠶᠠᠷᠤᠯᠲᠠ ᠶᠢᠨ ᠡᠷᠬᠡ ᠮᠡᠳᠡᠯ᠂ ᠵᠥᠪᠰᠢᠶᠡᠷᠡᠬᠦ | ᠨᠥᠬᠦᠴᠡᠯ᠂ ᠭᠤᠶᠤᠴᠢᠯᠠᠬᠤ ᠮᠠᠲ᠋ᠧᠷᠢᠶᠠᠯ ᠪᠠ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠵᠡᠷᠭᠡ ᠵᠢᠴᠢ ᠭᠠᠳᠠᠭᠠᠳᠤ ᠳᠤ ᠬᠤᠯᠪᠣᠭᠳᠠᠬᠤ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ᠂ ᠰᠢᠶᠠᠩᠭᠠᠩ ᠣᠣᠮᠧᠨ ᠲᠠᠶᠢᠸᠠᠨ ᠳᠤ ᠬᠤᠯᠪᠣᠭᠳᠠᠬᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠥᠷᠨᠢᠭᠦᠯᠬᠦ | ᠱᠠᠭᠠᠷᠳᠠᠯᠭ᠎ᠠ ᠶᠢ ᠲᠤᠳᠤᠷᠬᠠᠶᠢᠯᠠᠪᠠ︔ ︽ᠪᠠᠲᠤᠯᠠᠭ᠎ᠠ ᠶᠢᠨ ᠨᠥᠬᠦᠴᠡᠯ︾ ᠤᠨ ᠪᠦᠯᠦᠭ ᠬᠡᠰᠡᠭ ᠢ ᠨᠡᠮᠡᠵᠦ᠂ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠳ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠶᠢ ᠳᠡᠮᠵᠢᠨ ᠠᠬᠢᠭᠤᠯᠵᠤ᠂ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠵᠣᠬᠢᠶᠠᠨ ᠪᠠᠶᠢᠭᠤᠯᠤᠯᠲᠠ ᠨᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠥᠷᠨᠢᠭᠦᠯᠬᠦ ᠳᠤ ᠵᠢᠯᠣᠭᠤᠳᠤᠯᠭ᠎ᠠ ᠪᠠ ᠬᠠᠪᠰᠤᠷᠤᠯᠭ᠎ᠠ ᠬᠠᠩᠭᠠᠬᠤ ᠶᠢ ᠵᠣᠷᠢᠭᠵᠢᠭᠤᠯᠤᠨ ᠳᠡᠮᠵᠢᠵᠦ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠶᠢᠨ ᠲᠠᠯᠠᠪᠤᠷ ᠭᠠᠵᠠᠷ ᠤᠨ ᠪᠡᠯᠡᠳᠬᠡᠮᠵᠢ᠂ ᠥᠷᠲᠡᠭᠡ ᠴᠢᠭ᠋ ᠪᠠᠶᠢᠭᠤᠯᠬᠤ᠂ ᠵᠢᠷᠤᠮᠵᠢᠭᠤᠯᠤᠨ | ᠪᠣᠯᠪᠠᠰᠤᠷᠠᠭᠤᠯᠬᠤ᠂ ᠴᠢᠳᠠᠪᠤᠷᠢᠲᠠᠨ ᠬᠥᠮᠥᠵᠢᠭᠦᠯᠬᠦ ᠵᠡᠷᠭᠡ ᠲᠠᠯ᠎ᠠ ᠪᠠᠷ ᠳᠡᠮᠵᠢᠨ ᠵᠣᠷᠢᠭᠵᠢᠭᠤᠯᠬᠤ ᠶᠢ ᠲᠣᠳᠣᠷᠬᠠᠶᠢᠯᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ | ᠲᠠᠮᠢᠷ ᠢ ᠠᠭᠤᠳᠠᠯᠬᠤ᠂ ᠡᠮᠬᠢᠯᠡᠬᠦ᠂ ᠬᠠᠮᠠᠭᠠᠯᠠᠬᠤ᠂ ᠳᠡᠯᠭᠡᠷᠡᠭᠦᠯᠬᠦ ᠪᠠ ᠰᠢᠨ᠎ᠡ ᠶᠢ ᠡᠭᠦᠳᠬᠦ ᠳᠤ ᠴᠢᠬᠤᠯᠠ ᠪᠦᠬᠦᠢ ᠳᠡᠮᠵᠢᠯᠭᠡ ᠬᠠᠩᠭᠠᠬᠤ ᠶᠢ ᠲᠤᠳᠤᠷᠬᠠᠶᠢᠯᠠᠪᠠ᠃ | ᠡᠭᠦᠨ ᠠᠴᠠ ᠭᠠᠳᠠᠨ᠎ᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠭ᠎ᠠ︾ ᠳᠤ ᠪᠠᠰᠠ ᠶᠡᠷᠦᠩᠬᠡᠢ ᠳᠦᠷᠢᠮ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ | ᠪᠦᠯᠦᠭ ᠬᠡᠰᠡᠭ ᠲᠤ ᠵᠠᠰᠠᠪᠤᠷᠢ ᠣᠷᠣᠭᠤᠯᠪᠠ᠂ ᠵᠢᠱᠢᠶᠡᠯᠡᠪᠡᠯ ᠶᠡᠷᠦᠩᠬᠡᠢ ᠳᠦᠷᠢᠮ ᠳᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯ ᠳᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠬᠠᠮᠢᠶ᠎ᠠ ᠪᠦᠬᠦᠢ ᠲᠣᠭᠲᠠᠭᠠᠯ ᠢ ᠨᠡᠮᠡᠵᠦ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠰ ᠵᠠᠰᠠᠭ ᠵᠠᠬᠢᠷᠭᠠᠨ ᠤ ᠣᠷᠣᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ | ᠲᠠᠮᠢᠷ ᠤᠨ ᠠᠵᠢᠯ ᠢ ᠭᠤᠣᠯᠯᠠᠨ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠪᠠ︔ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ | ᠪᠦᠯᠦᠭ ᠬᠡᠰᠡᠭ ᠲᠤ᠂ ᠵᠥᠪᠰᠢᠶᠡᠷᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠡᠷᠭᠢᠯᠡᠬᠦ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠥᠷᠲᠡᠭᠡ ᠴᠡᠭ ᠭᠠᠷᠭᠠᠬᠤ ᠶᠢ ᠰᠢᠳᠬᠡᠬᠦ ᠠᠷᠭ᠎ᠠ ᠬᠡᠮᠵᠢᠶ᠎ᠡ ᠵᠡᠷᠭᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠪᠡ᠃ |