| ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ | ᠣᠶᠢᠷ᠎ᠠ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ 2024 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠷᠭ᠎ᠠ︾ ᠳᠤ | ᠵᠠᠰᠠᠪᠤᠷᠢ ᠣᠷᠣᠭᠤᠯᠤᠭᠰᠠᠨ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠬᠦ | ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠮᠤᠷ ᠲᠦᠪᠰᠢᠨ ᠢ ᠪᠠᠲᠤᠯᠠᠬᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠪᠠ ᠶᠠᠪᠤᠴᠠ ᠣᠲᠣ ᠶᠢᠨ ᠬᠡᠷᠡᠭᠵᠢᠭᠦᠯᠵᠦ ᠪᠠᠶᠢᠭ᠎ᠠ ︽ | ᠠᠷᠭ᠎ᠠ︾ ᠶᠢ 1991 ᠣᠨ ᠤ 8 ᠰᠠᠷ᠎ᠠ ᠶᠢᠨ 10 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠬᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢᠨ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ | ᠃ ᠣᠶᠢᠷ᠎ᠠ ᠶᠢᠨ ᠵᠢᠯ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠵᠡᠷᠭᠡ ᠠᠯᠢ ᠣᠯᠠᠨ ᠰᠢᠨ᠎ᠡ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠵᠠᠰᠠᠪᠤᠷᠢ ᠣᠷᠣᠭᠤᠯᠤᠨ ᠨᠡᠶᠢᠲᠡᠯᠡᠵᠦ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠦᠭᠵᠢᠯᠳᠡ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ 2016 ᠣᠨ ᠳᠤ᠂ ᠪᠡᠶ᠎ᠡ ᠶᠢᠨ ᠲᠠᠮᠢᠷ ᠤᠨ ᠶᠡᠷᠦᠩᠬᠡᠢ | ᠲᠣᠪᠴᠢᠶ᠎ᠠ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠶᠢᠰᠦᠨ ᠶᠠᠮᠤᠨ ᠵᠥᠪᠯᠡᠯ ᠲᠠᠢ ᠬᠠᠮᠲᠤᠷᠠᠨ ︽ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠵᠤ ᠦᠢᠯᠡᠰ ᠤᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ᠂ ᠤᠯᠤᠰ ᠤᠨ ᠲᠦᠷᠦ ᠶᠢᠨ | ᠪᠣᠳᠣᠯᠭ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠠᠵᠤ ᠦᠢᠯᠡᠰ ᠲᠦᠷᠭᠡᠨ ᠲᠠᠪᠰᠢᠯᠳᠠ ᠲᠠᠢ ᠪᠣᠯᠵᠤ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠦᠢᠯᠡᠳᠬᠦᠨ ᠲᠠᠰᠤᠷᠠᠯᠳᠠ ᠦᠭᠡᠢ ᠪᠠᠶᠠᠯᠢᠭᠵᠢᠵᠤ᠂ ᠰᠢᠨ᠎ᠡ ᠬᠡᠯᠪᠡᠷᠢ ᠶᠢᠨ ᠪᠡᠶ᠎ᠡ ᠶᠢᠨ ᠲᠠᠮᠢᠷ ᠤᠨ ᠬᠡᠯᠪᠡᠷᠢ ᠪᠠᠶᠢᠳᠠᠯ᠂ ᠵᠣᠬᠢᠶᠠᠨ | ᠪᠠᠶᠢᠭᠤᠯᠤᠯᠲᠠ ᠶᠢᠨ ᠵᠠᠭᠪᠤᠷ ᠦᠳᠲᠡᠷ ᠬᠦᠭᠵᠢᠪᠡ᠃ ᠭᠡᠪᠡᠴᠦ ᠣᠲᠣ ᠶᠢᠨ ᠬᠡᠷᠡᠭᠵᠢᠭᠦᠯᠵᠦ ᠪᠠᠶᠢᠭ᠎ᠠ ︽ᠠᠷᠭ᠎ᠠ︾ ᠨᠢ ᠴᠠᠭ ᠦᠶ᠎ᠡ ᠶᠢᠨ ᠬᠢᠵᠠᠭᠠᠷᠯᠠᠯ ᠳᠤ | ᠤᠴᠠᠷᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠬᠡᠷᠡᠭᠴᠡᠭᠡ ᠶᠢ ᠨᠢᠭᠡᠨᠲᠡ ᠬᠠᠩᠭᠠᠵᠤ ᠳᠡᠶᠢᠯᠬᠦ ᠦᠭᠡᠢ ᠪᠣᠯᠤᠭᠰᠠᠨ ᠪᠣᠯᠬᠤᠷ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠪᠤᠯᠪᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠵᠤᠷᠭᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2020 ᠣᠨ ᠤ 5 ᠰᠠᠷ᠎ᠠ ᠳᠤ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ︽ᠠᠷᠭ᠎ᠠ︾ ᠳᠤ | ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠵᠦ᠂ ᠮᠠᠲ᠋ᠧᠷᠢᠶᠠᠯ ᠢ ᠪᠥᠬᠦ ᠲᠠᠯ᠎ᠠ ᠪᠠᠷ ᠴᠤᠭᠯᠠᠭᠤᠯᠤᠨ ᠡᠮᠬᠢᠳᠬᠡᠵᠦ᠂ ᠲᠤᠰᠬᠠᠢ ᠰᠡᠳᠦᠪᠲᠦ ᠰᠤᠳᠤᠯᠭᠠᠨ ᠢ ᠥᠷᠨᠢᠭᠦᠯᠦᠨ | ᠂ ᠣᠲᠣ ᠶᠢᠨ ᠬᠡᠷᠡᠭᠵᠢᠭᠦᠯᠵᠦ ᠪᠠᠶᠢᠭ᠎ᠠ ︽ᠠᠷᠭ᠎ᠠ︾ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠭᠰᠡᠨ ᠰᠠᠭᠤᠷᠢᠨ ᠳᠡᠭᠡᠷ᠎ᠡ᠂ ︽ᠠᠷᠭ᠎ᠠ︾ ᠳᠤ | ᠵᠠᠰᠠᠪᠤᠷᠢ ᠣᠷᠣᠭᠤᠯᠤᠭᠰᠠᠨ ᠨᠣᠣᠷᠠᠭ ᠢ ᠲᠤᠭᠤᠷᠪᠢᠬᠤ ᠠᠵᠢᠯ ᠢ ᠳᠠᠭᠤᠰᠬᠠᠪᠠ᠃ 2022 ᠣᠨ ᠤ 5 ᠰᠠᠷ᠎ᠠ᠂ 8 ᠰᠠᠷ᠎ᠠ᠂ 11 ᠰᠠᠷ᠎ᠠ ᠳᠤ ᠲᠣᠰ ᠲᠣᠰ ᠬᠠᠮᠢᠶ᠎ᠠ | ᠪᠦᠬᠦ ᠨᠢᠭᠡᠴᠢ ᠵᠢᠴᠢ ᠬᠤᠪᠢ ᠬᠥᠮᠥᠨ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠪᠠ ᠬᠠᠮᠢᠶ᠎ᠠ ᠪᠦᠬᠦᠢ ᠶᠠᠮᠤᠨ ᠵᠥᠪᠯᠡᠯ ᠰᠠᠯᠠᠭ᠎ᠠ ᠮᠥᠴᠢᠷ ᠤᠨ ᠰᠠᠨᠠᠯ ᠢ | ᠬᠤᠷᠢᠶᠠᠵᠤ᠂ 2023 ᠣᠨ ᠤ 3 ᠰᠠᠷ᠎ᠠ ᠳᠤ ᠢᠯᠡ ᠪᠠᠷ ᠨᠡᠶᠢᠭᠡᠮ ᠤᠨ ᠰᠠᠨᠠᠯ ᠢ ᠬᠤᠷᠢᠶᠠᠵᠤ᠂ 2024 ᠣᠨ ᠤ 6 ᠰᠠᠷ᠎ᠠ ᠳᠤ ᠬᠠᠮᠢᠶ᠎ᠠ ᠪᠦᠬᠦᠢ ᠶᠠᠮᠤᠨ ᠵᠥᠪᠯᠡᠯ | ᠪᠠ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠰᠠᠨᠠᠯ ᠢ ᠳᠠᠬᠢᠨᠲᠠ ᠬᠤᠷᠢᠶᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠤᠳᠤᠯᠤᠨ | ᠰᠢᠩᠭᠡᠭᠡᠬᠦ ᠪᠠᠷ ᠳᠡᠮᠵᠢᠨ᠂ ᠲᠥᠰᠥᠯ ᠳᠤ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2024 ᠣᠨ ᠤ 7 ᠰᠠᠷ᠎ᠠ ᠶᠢᠨ 10 ᠤ ᠡᠳᠦᠷ᠂ ︽ | ᠠᠷᠭ᠎ᠠ︾ ᠶᠢ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ ᠵᠠᠰᠠᠪᠤᠷᠢ | ᠣᠷᠣᠭᠤᠯᠤᠭᠰᠠᠨ ᠶᠡᠷᠦᠩᠬᠡᠢ ᠰᠡᠳᠬᠢᠴᠡ ᠲᠤᠰ ᠬᠠᠷᠢᠭᠤᠴᠠᠯᠭᠠᠲᠠᠨ ᠤ ᠬᠡᠯᠡᠬᠦ ᠪᠠᠷ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠶᠡᠷᠦᠩᠬᠡᠢ ᠰᠡᠳᠬᠢᠮᠵᠢ ᠪᠣᠯ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠡᠷᠡᠰ ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠵᠠᠰᠠᠪᠤᠷᠢ ᠣᠷᠣᠭᠤᠯᠬᠤ ᠠᠵᠢᠯ ᠢ ᠤᠬᠠᠮᠰᠠᠷ ᠠᠴᠠ ᠪᠠᠨ ᠪᠡᠶ᠎ᠡ ᠶᠢᠨ ᠲᠠᠮᠢᠷ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠡᠭᠡ ᠲᠠᠯ᠎ᠠ ᠳᠤ ᠲᠠᠯᠪᠢᠵᠤ ᠠᠷᠭ᠎ᠠ ᠤᠬᠠᠭᠠᠨ ᠰᠦᠪᠡᠭᠴᠢᠯᠡᠭᠰᠡᠨ ᠪᠠᠶᠢᠨ᠎ᠠ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ ᠪᠠ ᠨᠢᠰᠦᠯᠲᠡ ᠶᠢᠨ ᠠᠮᠤᠷ ᠲᠦᠪᠰᠢᠨ ᠢ | ᠦᠨᠡᠨ ᠬᠦ ᠪᠠᠲᠤᠯᠠᠬᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠠᠮᠤᠷ ᠲᠦᠪᠰᠢᠨ ᠢᠶᠠᠷ ᠬᠥᠭᠵᠢᠬᠦ ᠶᠢ ᠲᠦᠯᠬᠢᠨ ᠠᠬᠢᠭᠤᠯᠬᠤ ᠡᠨᠡ ᠬᠦ | ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠡᠷᠡᠭᠵᠢᠭᠦᠯᠬᠦ ᠭᠤᠣᠯ ᠴᠣᠭᠴᠠ᠂ ᠠᠷᠠᠳ ᠤᠨ | ᠬᠡᠷᠡᠭᠴᠡᠭᠡᠨ ᠤ ᠠᠭᠠᠷ ᠤᠨ ᠠᠶᠠᠯᠠᠯ ᠤᠨ ᠨᠢᠰᠦᠭᠦᠷ ︵ᠪᠠᠭᠠᠵᠢ ᠬᠡᠷᠡᠭᠰᠡᠯ︶ ᠪᠠ ᠲᠠᠯᠠᠪᠤᠷ ᠲᠥᠬᠦᠭᠡᠷᠦᠮᠵᠢ ᠵᠢᠴᠢ ᠤᠷᠤᠯᠳᠤᠭᠠᠨ ᠤ ᠠᠵᠢᠯᠯᠠᠭ᠎ᠠ ᠵᠡᠷᠭᠡ ᠲᠠᠯ᠎ᠠ ᠪᠠᠷ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠯ᠎ᠡ ᠭᠤᠭᠴᠤᠭ᠎ᠠ ᠶᠢ ᠰᠢᠰᠲ᠋ᠧᠮ ᠲᠠᠢ ᠵᠢᠷᠤᠮᠵᠢᠭᠤᠯᠤᠨ᠎ᠠ᠃ ᠮᠠᠨ ᠤ ᠤᠯᠤᠰ ᠤᠨ ᠤᠯᠤᠰ ᠤᠨ | ᠪᠠᠶᠢᠳᠠᠯ ᠳᠠᠭᠠᠨ ᠰᠠᠭᠤᠷᠢᠯᠠᠨ᠂ ᠪᠣᠳᠠᠲᠠᠢ ᠠᠴᠠ ᠡᠭᠦᠰᠴᠦ᠂ ᠭᠠᠳᠠᠭᠠᠳᠤ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠬᠠᠮᠢᠶ᠎ᠠ ᠪᠦᠬᠦᠢ ᠬᠦᠷᠢᠶᠡᠨ ᠤ ᠪᠣᠯᠪᠠᠰᠤᠷᠠᠩᠭᠤᠢ | ᠠᠷᠭ᠎ᠠ ᠬᠡᠮᠵᠢᠶ᠎ᠡ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠰᠢᠩᠭᠡᠬᠡᠨ ᠠᠪᠴᠤ᠂ ᠨᠢᠭᠡᠨ ᠰᠢᠨᠵᠢᠯᠡᠬᠦ ᠤᠬᠠᠭᠠᠨᠴᠢ᠂ ᠪᠣᠳᠠᠲᠤ ᠬᠡᠷᠡᠭᠯᠡᠭᠡᠨ ᠤ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠵᠢᠷᠤᠮᠵᠢᠯ ᠳᠤ ᠵᠠᠰᠠᠪᠤᠷᠢ ᠣᠷᠣᠭᠤᠯᠵᠤ ᠨᠡᠶᠢᠲᠡᠯᠡᠬᠦ ᠪᠠᠷ ᠴᠢᠷᠮᠠᠶᠢᠨ᠎ᠠ᠃ ᠵᠠᠰᠠᠪᠤᠷᠢ | ᠣᠷᠣᠭᠤᠯᠤᠭᠰᠠᠨ ᠭᠤᠣᠯ ᠠᠭᠤᠯᠭ᠎ᠠ ︽ᠠᠷᠭ᠎ᠠ︾ ᠳᠤ ᠵᠠᠰᠠᠪᠤᠷᠢ ᠣᠷᠣᠭᠤᠯᠬᠤ ᠳᠠᠭᠠᠨ 1991 ᠣᠨ ᠤ ᠬᠡᠪᠯᠡᠯ ᠤᠨ 23 ᠵᠦᠢᠯ ᠠᠴᠠ ᠣᠲᠣ 32 ᠵᠦᠢᠯ | ᠪᠣᠯᠭᠠᠨ ᠨᠡᠮᠡᠪᠡ᠃ ᠨᠢᠭᠡᠳᠦᠭᠡᠷ ᠪᠦᠯᠦᠭ ︽ᠶᠡᠷᠦᠩᠬᠡᠢ ᠳᠦᠷᠢᠮ︾ ᠳᠤ ᠵᠠᠰᠠᠪᠤᠷᠢ ᠣᠷᠣᠭᠤᠯᠬᠤ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠲᠣᠳᠣᠷᠬᠠᠶᠢᠯᠠᠵᠤ᠂ | ᠨᠠᠮ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠳᠤᠷᠢᠳᠤᠯᠭ᠎ᠠ ᠶᠢ ᠪᠠᠷᠢᠮᠲᠠᠯᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠲᠣᠮᠢᠶᠠᠯᠠᠯ᠂ ᠬᠡᠷᠡᠭᠯᠡᠬᠦ ᠬᠡᠪᠴᠢᠶ᠎ᠡ ᠪᠠ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠶᠢ ᠲᠣᠳᠣᠷᠬᠠᠶᠢᠯᠠᠪᠠ᠃ ᠬᠤᠶᠠᠳᠤᠭᠠᠷ ᠪᠦᠯᠦᠭ ︽ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠯᠡᠵᠦ ᠪᠠᠶᠢᠭ᠎ᠠ ᠨᠢᠭᠡᠴᠢ ᠪᠠ ᠬᠥᠮᠥᠰ︾ ᠲᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ | ᠡᠷᠬᠢᠯᠡᠵᠦ ᠪᠠᠶᠢᠭ᠎ᠠ ᠨᠢᠭᠡᠴᠢ ᠪᠠ ᠬᠥᠮᠥᠰ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠱᠠᠭᠠᠷᠳᠠᠯᠭ᠎ᠠ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠠᠵᠢᠯᠲᠠᠨ ᠤ ᠪᠦᠷᠢᠯᠳᠦᠭᠦᠯᠪᠡᠰᠦ ᠵᠣᠬᠢᠬᠤ ᠬᠢᠷᠢ ᠬᠡᠮ ᠵᠢᠴᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠶᠤᠯᠭᠦᠢ ᠶᠢᠨ | ᠡ᠊ᠨᠳᠡᠯ ᠤᠨ ᠮᠡᠳᠡᠭᠦᠯᠦᠯᠲᠡ ᠶᠢ ᠪᠠᠶᠢᠴᠠᠭᠠᠬᠤ ᠪᠠ ᠰᠢᠢᠳᠪᠦᠷᠢᠯᠡᠬᠦ ᠲᠣᠭᠲᠠᠭᠠᠯ ᠵᠡᠷᠭᠡ ᠶᠢ ᠲᠣᠳᠣᠷᠬᠠᠶᠢᠯᠠᠪᠠ᠃ ᠭᠤᠷᠪᠠᠳᠤᠭᠠᠷ ᠪᠦᠯᠦᠭ ︽ᠠᠭᠠᠷ ᠤᠨ ᠠᠶᠠᠯᠠᠯ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠡᠷᠡᠭᠯᠡᠬᠦ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ᠂ ᠪᠠᠭᠠᠵᠢ ᠬᠡᠷᠡᠭᠰᠡᠯ ᠪᠠ ᠲᠠᠯᠠᠪᠤᠷ | ᠲᠥᠬᠦᠭᠡᠷᠦᠮᠵᠢ︾ ᠳᠤ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠨᠢᠰᠦᠭᠦᠷ ᠪᠣᠯᠣᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠭᠤᠣᠯ ᠴᠣᠭᠴᠠ ᠵᠢᠴᠢ ᠠᠶᠠᠯᠠᠯ ᠳᠤ ᠵᠣᠬᠢᠴᠠᠬᠤ ᠱᠠᠭᠠᠷᠳᠠᠯᠭ᠎ᠠ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠲᠠᠯᠠᠪᠠᠢ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠤᠯᠤᠰ ᠤᠨ ᠪᠡᠶ᠎ᠡ ᠶᠢᠨ | ᠲᠠᠮᠢᠷ ᠤᠨ ᠶᠡᠷᠦᠩᠬᠡᠢ ᠲᠣᠪᠴᠢᠶ᠎ᠠ ᠵᠢᠴᠢ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠠᠴᠠ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷᠤᠯᠳᠤᠭᠠᠨ ᠤ ᠶᠠᠪᠤᠳᠠᠯ ᠳᠤ ᠬᠡᠷᠡᠭᠯᠡᠬᠦ ᠪᠠᠭᠠᠵᠢ ᠬᠡᠷᠡᠭᠰᠡᠯ ᠤᠨ ᠬᠠᠮᠢᠶ᠎ᠠ ᠪᠦᠬᠦᠢ ᠪᠠᠷᠢᠮᠵᠢᠶᠡᠨ ᠤ | ᠱᠠᠭᠠᠷᠳᠠᠯᠭ᠎ᠠ ᠶᠢ ᠲᠤᠭᠳᠠᠭᠠᠬᠤ ᠶᠤᠰᠤᠳᠠᠢ ᠭᠡᠵᠦ ᠲᠤᠭᠳᠠᠭᠠᠪᠠ᠃ ᠳᠥᠷᠪᠡᠳᠦᠭᠡᠷ ᠪᠦᠯᠦᠭ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ︾ ᠳᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ | ᠴᠣᠭᠴᠠ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠵᠢᠴᠢ ᠣᠷᠣᠨ ᠨᠤᠲᠤᠭ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠤᠭᠳᠠᠭᠠᠪᠠ᠃ ᠣᠯᠠᠨ ᠤᠯᠤᠰ ᠤᠨ ᠴᠢᠨᠠᠷᠲᠠᠢ᠂ ᠠᠶᠤᠯ ᠲᠦᠭᠰᠢᠭᠦᠷᠢ ᠶᠡᠬᠡᠲᠡᠢ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠶᠡᠷᠦᠩᠬᠡᠶᠢᠯᠡᠭᠰᠡᠨ ᠴᠢᠨᠠᠷᠲᠠᠢ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠮᠡᠳᠡᠭᠦᠯᠦᠨ | ᠳᠠᠩᠰᠠᠯᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠭᠲᠠᠭᠠᠵᠠᠢ᠃ ᠤᠯᠤᠰ ︵ᠬᠢᠯᠢ︶ ᠤᠨ ᠭᠠᠳᠠᠨᠠᠬᠢ ᠬᠥᠮᠥᠰ ᠤᠨ ᠮᠠᠨ ᠤ ᠤᠯᠤᠰ ᠤᠨ ᠬᠢᠯᠢ ᠳᠣᠲᠣᠷ᠎ᠠ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠪᠣᠳᠠᠲᠠᠢ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃ ᠲᠠᠪᠤᠳᠤᠭᠠᠷ ᠪᠦᠯᠦᠭ ︽ | ᠬᠠᠤᠯᠢ ᠶᠢᠨ ᠬᠠᠷᠢᠭᠤᠴᠠᠯᠭ᠎ᠠ︾ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠤᠯᠢ ᠶᠢ | ᠵᠥᠷᠢᠴᠡᠭᠰᠡᠨ ᠦᠶ᠋ᠯᠡ ᠠᠵᠢᠯᠯᠠᠭ᠎ᠠ ᠶᠢ ᠰᠢᠢᠳᠪᠦᠷᠢᠯᠡᠬᠦ ᠡᠷᠬᠡ ᠲᠤᠰᠢᠶᠠᠯ ᠢ ᠲᠣᠳᠣᠷᠬᠠᠶᠢᠯᠠᠵᠤ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠦᠶ᠋ᠯᠡ | ᠠᠵᠢᠯᠯᠠᠭ᠎ᠠ ᠶᠢ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ ᠵᠢᠷᠭᠤᠳᠤᠭᠠᠷ ᠪᠦᠯᠦᠭ ︽ᠳᠠᠭᠠᠯᠳᠤᠭᠤᠯᠤᠭᠰᠠᠨ ᠳᠦᠷᠢᠮ︾ ᠳᠤ ︽ᠠᠷᠭ᠎ᠠ | ︾ ᠶᠢᠨ ᠲᠠᠶᠢᠯᠪᠤᠷᠢᠯᠠᠬᠤ ᠡᠷᠬᠡ ᠪᠠ ᠬᠦᠴᠦᠨ ᠲᠠᠢ ᠪᠣᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠪᠠ᠃ ᠳᠠᠭᠠᠯᠳᠤᠭᠤᠯᠤᠯ ︽ᠨᠡᠷ᠎ᠡ ᠦᠭᠡ ᠶᠢᠨ ᠲᠠᠶᠢᠯᠪᠤᠷᠢᠯᠠᠯᠲᠠ︾ | ᠳᠤ ᠬᠡᠰᠡᠭ ᠨᠡᠷ᠎ᠡ ᠲᠣᠮᠢᠶ᠎ᠠ ᠶᠢᠨ ︽ᠠᠷᠭ᠎ᠠ︾ ᠳᠠᠬᠢ ᠪᠣᠳᠠᠲᠠᠢ ᠠᠭᠤᠯᠭ᠎ᠠ ᠶᠢ ᠲᠠᠶᠢᠯᠪᠤᠷᠢᠯᠠᠵᠠᠢ᠃ ᠵᠠᠰᠠᠪᠤᠷᠢ ᠣᠷᠣᠭᠤᠯᠤᠭᠰᠠᠨ ᠭᠤᠣᠯᠳᠠᠯᠭ᠎ᠠ ᠲᠠᠢ | ᠲᠣᠳᠣᠷᠬᠠᠶᠢᠯᠠᠯᠲᠠ ᠲᠣᠰ ᠬᠠᠷᠢᠭᠤᠴᠠᠯᠭᠠᠲᠠᠨ ︽ᠠᠷᠭ᠎ᠠ︾ ᠳᠤ ᠵᠠᠰᠠᠪᠤᠷᠢ ᠤᠷᠤᠭᠤᠯᠤᠭᠰᠠᠨ ᠲᠤᠬᠠᠢ ᠬᠤᠯᠪᠣᠭᠳᠠᠯ ᠪᠦᠬᠦᠢ ᠲᠠᠶᠢᠯᠤᠮᠵᠢ ᠪᠠ ᠲᠣᠳᠣᠷᠬᠠᠶᠢᠯᠠᠯᠲᠠ | ᠬᠢᠪᠡ᠃ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠭᠤᠣᠯ ᠴᠣᠭᠴᠠ ᠪᠣᠯᠣᠨ ᠬᠦᠷᠢᠶ᠎ᠡ ᠬᠡᠪᠴᠢᠶ᠎ᠡ ᠶᠢᠨ ᠲᠠᠯ᠎ᠠ ᠪᠠᠷ᠄᠂ ︽ | ᠠᠷᠭ᠎ᠠ︾ ᠳᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠯ ᠳᠤ ᠵᠠᠰᠠᠪᠤᠷᠢ ᠣᠷᠣᠭᠤᠯᠤᠭᠰᠠᠨ ᠦᠭᠡᠢ᠂ ᠮᠥᠨ | ᠯᠡ ᠱᠠᠲᠤ ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ ᠠᠪᠤᠨ᠎ᠡ᠂ ᠭᠡᠪᠡᠴᠦ ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠬᠠᠮᠢᠶᠠᠷᠤᠨ᠎ᠠ︾ ᠪᠠ ︽ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ᠂ ᠣᠷᠣᠨ ᠨᠤᠲᠤᠭ ᠤᠨ | ᠡᠯ᠎ᠡ ᠱᠠᠲᠤᠨ ᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠥᠪᠡᠷ ᠤᠨ ᠳᠦᠷᠢᠮ ᠶᠣᠰᠣᠭᠠᠷ᠂ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠳᠣᠲᠣᠭᠠᠳᠤ ᠶᠢᠨ ᠵᠠᠰᠠᠬᠤ ᠲᠦᠷᠢᠮ ᠲᠤᠭᠳᠠᠭᠠᠯ ᠢ | ᠲᠡᠭᠦᠯᠳᠡᠷᠵᠢᠭᠦᠯᠵᠦ᠂ ᠠᠵᠢᠯ ᠲᠦᠷᠦᠯ ᠤᠨ ᠲᠦᠷᠢᠮ ᠲᠤᠭᠳᠠᠭᠠᠯ ᠢ ᠲᠤᠭᠳᠠᠭᠠᠵᠦ᠂ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ ᠶᠢ ᠴᠢᠩᠭᠠᠳᠬᠠᠬᠤ︾ ᠶᠢ | ᠲᠤᠳᠤᠷᠬᠠᠶᠢᠯᠠᠵᠦ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠭᠤᠣᠯ ᠴᠣᠭᠴᠠ ᠪᠣᠯᠣᠨ ᠡᠯ᠎ᠡ ᠱᠠᠲᠤᠨ ᠤ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠤᠨ ᠠᠵᠢᠯ ᠲᠦᠷᠦᠯ ᠳᠤ ᠬᠢ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠨᠠᠷᠢᠨ ᠲᠤᠳᠤᠷᠬᠠᠶᠢᠯᠠᠪᠠ | ᠃ ᠡᠭᠦᠨ ᠤ ᠬᠠᠮᠲᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠬᠠᠭᠳᠠᠬᠤᠨ ᠢ ᠲᠤᠳᠤᠷᠬᠠᠶᠢᠯᠠᠪᠠ᠂ ᠡᠭᠦᠨ ᠠᠴᠠ ᠡᠮᠦᠨ᠎ᠡ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠢ ᠬᠡᠷᠡᠭᠯᠡᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠠᠭᠠᠭᠯᠠᠨ | ᠲᠣᠭᠲᠠᠭᠠᠬᠤ ᠠᠷᠭ᠎ᠠ ᠶᠢ ᠵᠠᠰᠠᠪᠤᠷᠢᠯᠠᠨ ᠲᠣᠭᠲᠠᠭᠠᠵᠤ᠂ ᠪᠡᠶ᠎ᠡ ᠶᠢᠨ ᠲᠠᠮᠢᠷ ᠤᠨ ᠬᠢᠨ ᠤ ᠨᠡᠶᠢᠳᠡᠮ ᠬᠡᠷᠡᠭᠯᠡᠳᠡᠭ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠵᠦᠢᠯ ᠢᠶᠠᠷ ᠵᠠᠭᠠᠭᠯᠠᠨ ᠲᠣᠭᠲᠠᠭᠠᠬᠤ ᠠᠷᠭ᠎ᠠ ᠶᠢ ᠬᠡᠷᠡᠭᠯᠡᠵᠦ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠬᠦᠷᠢᠶ᠎ᠡ ᠬᠡᠪᠴᠢᠶ᠎ᠡ᠂ | ᠵᠠᠭᠠᠭ ᠱᠤᠭᠤᠮ ᠢ ᠤᠯᠠᠮ ᠨᠢᠭᠡ ᠠᠯᠬᠤᠮ ᠲᠤᠳᠤᠷᠬᠠᠶᠢᠯᠠᠪᠠ᠃ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠭᠢᠯᠡᠨ ᠬᠢᠵᠦ ᠪᠠᠶᠢᠭ᠎ᠠ ᠨᠢᠭᠡᠴᠢ | ᠪᠠ ᠠᠵᠢᠯᠲᠠᠨ ᠤ ᠬᠠᠮᠢᠶᠠᠷᠤᠯᠲᠠ ᠶᠢᠨ ᠲᠠᠯ᠎ᠠ ᠪᠠᠷ᠄ ︽ᠠᠷᠭ᠎ᠠ︾ ᠳᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠭᠢᠯᠡᠨ ᠬᠢᠵᠦ ᠪᠠᠶᠢᠭ᠎ᠠ | ᠨᠢᠭᠡᠴᠢ ᠪᠠ ᠬᠤᠯᠪᠣᠭᠳᠠᠯ ᠪᠦᠬᠦᠢ ᠬᠥᠮᠥᠰ ᠤᠨ ᠵᠠᠰᠠᠭ ᠵᠠᠬᠢᠷᠭᠠᠨ ᠤ ᠵᠥᠪᠰᠢᠶᠡᠷᠡᠯ ᠪᠠ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠬᠤ | ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠤ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠵᠡᠮᠰᠢᠬᠦ ᠴᠢᠬᠤᠯᠠᠲᠠᠢ ᠪᠠᠶᠢᠳᠠᠯ ᠳᠤ | ᠳᠠᠩᠰᠠᠯᠠᠭᠤᠯᠬᠤ ᠳᠦᠷᠢᠮ ᠢ ᠬᠡᠷᠡᠭᠵᠢᠭᠦᠯᠪᠡ᠃ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠭᠢᠯᠡᠵᠦ ᠪᠠᠶᠢᠭ᠎ᠠ ᠨᠢᠭᠡᠴᠢ ᠶᠢᠨ ᠬᠠᠮᠢᠶ᠎ᠠ ᠪᠦᠬᠦᠢ | ᠬᠠᠮᠢᠶᠠᠷᠤᠯᠲᠠ ᠶᠢᠨ ᠲᠣᠭᠲᠠᠭᠠᠯ ᠵᠢᠴᠢ ᠠᠵᠢᠯᠯᠠᠵᠤ ᠪᠠᠶᠢᠭ᠎ᠠ ᠬᠥᠮᠥᠰ ᠤᠨ ᠬᠠᠮᠢᠶ᠎ᠠ ᠪᠦᠬᠦᠢ ᠬᠢᠷᠢ ᠬᠡᠮ ᠤᠨ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ | ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠪᠣᠯᠣᠨ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠶᠤᠯᠭᠦᠢ ᠶᠢᠨ ᠡ᠊ᠨᠳᠡᠯ ᠢ ᠮᠡᠳᠡᠭᠦᠯᠬᠦ᠂ | ᠪᠠᠶᠢᠴᠠᠭᠠᠨ ᠰᠢᠢᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠡᠷᠡᠭᠯᠡᠬᠦ ᠠᠷᠠᠳ ᠤᠨ | ᠬᠡᠷᠡᠭᠴᠡᠭᠡᠨ ᠤ ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ ᠪᠠ ᠲᠠᠯᠠᠪᠤᠷ ᠲᠥᠬᠦᠭᠡᠷᠦᠮᠵᠢ ᠶᠢᠨ ᠲᠠᠯ᠎ᠠ ᠪᠠᠷ᠄ ︽ᠠᠷᠭ᠎ᠠ︾ ᠳᠤ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠪᠠ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠭᠤᠣᠯ | ᠴᠣᠭᠴᠠ ᠶᠢ ᠭᠤᠣᠯᠳᠠᠯᠭ᠎ᠠ ᠲᠠᠢ ᠲᠣᠳᠣᠷᠬᠠᠶᠢᠯᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠬᠡᠷᠡᠭᠯᠡᠬᠦ ᠡᠯ᠎ᠡ ᠵᠦᠢᠯ ᠤᠨ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠨᠢ ᠤᠯᠤᠰ ᠤᠨ ᠲᠠᠮᠢᠷ ᠤᠨ ᠶᠡᠷᠦᠩᠬᠡᠢ ᠲᠣᠪᠴᠢᠶ᠎ᠠ ᠵᠢᠴᠢ ᠳᠤᠮᠳᠠᠳᠤ ᠤᠯᠤᠰ ᠤᠨ | ᠠᠭᠠᠷ ᠤᠨ ᠠᠶᠠᠯᠠᠯ ᠤᠨ ᠬᠥᠳᠡᠯᠭᠡᠭᠡᠨ ᠤ ᠨᠡᠶᠢᠭᠡᠮᠯᠢᠭ ᠤᠨ ᠲᠣᠭᠲᠠᠭᠠᠭᠰᠠᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠭᠡᠵᠦ ᠲᠤᠭᠳᠠᠭᠠᠪᠠ᠃ | ᠡᠭᠦᠨ ᠤ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠨᠢ ᠠᠭᠠᠷ ᠤᠨ ᠠᠶᠠᠯᠠᠯ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠨᠢᠭᠦᠯᠬᠦ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠬᠤ ᠶᠢᠨ | ᠬᠠᠮᠲᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ | ᠠᠭᠠᠷ ᠤᠨ ᠣᠷᠣᠨ ᠤ ᠬᠡᠷᠡᠭᠯᠡᠯᠲᠡ ᠳᠤ ᠬᠤᠯᠪᠣᠭᠳᠠᠪᠠᠯ᠂ ᠪᠠᠰᠠ ᠪᠠᠶᠢᠭ᠎ᠠ ᠭᠠᠵᠠᠷ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠰᠠᠨᠠᠯ ᠢ ᠬᠤᠷᠢᠶᠠᠬᠤ ᠶᠤᠰᠤᠳᠠᠢ ᠭᠡᠵᠦ ᠲᠤᠳᠤᠷᠬᠠᠶᠢᠯᠠᠪᠠ᠃ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠠᠯ᠎ᠠ ᠪᠠᠷ᠄ ︽ᠠᠷᠭ᠎ᠠ︾ ᠳᠤ ︽ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ︾ ᠭᠡᠬᠦ ᠨᠢᠭᠡ ᠪᠦᠯᠦᠭ ᠢ ᠰᠢᠨ᠎ᠡ ᠪᠠᠷ ᠨᠡᠮᠡᠵᠦ᠂ ︽ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ | ᠡᠷᠭᠢᠯᠡᠬᠦ ᠶᠢ ᠬᠢᠨᠠᠨ ᠵᠥᠪᠰᠢᠶᠡᠷᠡᠵᠦ ᠳᠠᠩᠰᠠᠯᠠᠬᠤ᠂ ᠡᠷᠭᠢᠯᠡᠬᠦ ᠭᠠᠵᠠᠷ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠪᠡᠶ᠎ᠡ ᠶᠢᠨ ᠲᠠᠮᠢᠷ ᠤᠨ ᠶᠣᠰᠣ ᠮᠣᠷᠠᠯ ᠵᠢᠴᠢ ᠬᠥᠭᠡᠷᠦᠭᠦᠯᠬᠦ ᠡᠮ ᠢ | ᠡᠰᠡᠷᠭᠦᠴᠡᠬᠦ ᠵᠡᠷᠭᠡ ᠲᠠᠯ᠎ᠠ ᠪᠠᠷ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠳᠠ ᠶᠢ ᠴᠢᠩᠭᠠᠳᠬᠠᠪᠠ᠃ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠣᠯᠠᠨ | ᠤᠯᠤᠰ ᠤᠨ ᠴᠢᠨᠠᠷᠲᠠᠢ᠂ ᠠᠶᠤᠯ ᠲᠦᠭᠰᠢᠭᠦᠷᠢ ᠶᠡᠬᠡᠲᠡᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠲᠣᠭᠲᠠᠭᠠᠯ ᠶᠣᠰᠣᠭᠠᠷ | ᠭᠤᠶᠤᠴᠢᠯᠠᠨ ᠮᠡᠳᠡᠭᠦᠯᠵᠦ ᠵᠥᠪᠰᠢᠶᠡᠷᠡᠭᠦᠯᠬᠦ ᠱᠠᠭᠠᠷᠳᠠᠯᠭ᠎ᠠ ᠵᠢᠴᠢ ᠤᠯᠤᠰ ︵ᠬᠢᠯᠢ︶ ᠤᠨ ᠭᠠᠳᠠᠨᠠᠬᠢ ᠬᠥᠮᠥᠰ ᠤᠨ ᠮᠠᠨ ᠤ ᠤᠯᠤᠰ ᠤᠨ ᠬᠢᠯᠢ ᠳᠣᠲᠣᠷ᠎ᠠ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠳᠤ ᠭᠦᠢᠴᠡᠳᠬᠡᠪᠡᠰᠦ ᠵᠣᠬᠢᠬᠤ ᠭᠠᠷ ᠭᠦᠢᠴᠡᠳᠬᠡᠯ ᠵᠢᠴᠢ ᠬᠠᠮᠢᠶ᠎ᠠ ᠪᠦᠬᠦᠢ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ᠄ ︽ᠠᠷᠭ᠎ᠠ︾ ᠳᠤ ᠲᠣᠭᠲᠠᠭᠠᠯ ᠠᠴᠠ | ᠵᠥᠷᠢᠴᠡᠭᠰᠡᠨ ᠨᠢᠭᠡᠴᠢ ᠪᠠ ᠬᠥᠮᠥᠰ ᠲᠤ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ | ᠰᠢᠳᠬᠡᠯ ᠥᠭᠬᠦ ᠪᠠᠷ ᠲᠣᠳᠣᠷᠬᠠᠢ ᠲᠣᠭᠲᠠᠭᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠦᠶ᠋ᠯᠡ ᠠᠵᠢᠯᠯᠠᠭ᠎ᠠ ᠶᠢ ᠵᠢᠷᠤᠮᠵᠢᠭᠤᠯᠪᠠ᠃ |