| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ 2024 ᠣᠨ ᠤ ︽ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ︾ ᠶᠢᠨ ᠬᠤᠯᠪᠣᠭᠳᠠᠯ | ᠪᠦᠬᠦᠢ ᠡᠭᠦᠷᠭᠡ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ | ᠪᠦᠷᠢᠨᠰᠢᠭᠦᠯᠦᠨ᠂ ᠠᠷᠠᠳ ᠣᠯᠠᠨ ᠤ ᠡᠪᠡᠳᠴᠢᠨ ᠡᠮᠭᠡᠭ ᠢ ᠡᠮᠴᠢᠯᠡᠭᠦᠯᠬᠦ ᠬᠤᠶᠢᠰᠢᠳᠠ ᠶᠢᠨ ᠵᠣᠪᠠᠨᠢᠯ ᠢ ᠴᠢᠷᠮᠠᠶᠢᠨ ᠠᠷᠢᠯᠭᠠᠬᠤ ᠶᠢᠨ ᠲᠤᠰᠠᠳᠠ᠂ ︽ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ᠢ ᠦᠨᠳᠦᠰᠦᠯᠡᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠯᠤᠭ᠎ᠠ ᠬᠠᠮᠲᠤᠷᠠᠨ ︽2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ | ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2024︺ 8 ᠳ᠋ᠤᠭᠠᠷ ᠲᠣᠭᠠᠲᠤ᠂ | ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠨᠢᠭᠡ᠂ 2024 ᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠠᠵᠢᠯ ᠢ ᠬᠡᠷᠬᠢᠨ ᠲᠣᠬᠢᠷᠠᠭᠤᠯᠬᠤ ᠪᠣᠶ︖ | | ᠨᠠᠰᠤᠵᠢᠯᠲᠠ ᠶᠢᠨ ᠬᠡᠮᠵᠢᠶ᠎ᠡ ᠲᠠᠰᠤᠷᠠᠯᠲᠠ ᠦᠭᠡᠢ ᠭᠦᠨᠵᠡᠭᠡᠶᠢᠷᠡᠬᠦ᠂ ᠡᠮᠴᠢᠯᠡᠭᠡᠨ ᠤ ᠬᠡᠷᠡᠭᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠬᠦ ᠳᠤ | ᠳᠠᠰᠬᠠᠬᠤ ᠶᠢᠨ ᠲᠤᠰᠠᠳᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ | ᠪᠠᠬᠢᠵᠢᠭᠦᠯᠦᠨ ᠳᠡᠭᠡᠭᠰᠢᠯᠡᠭᠦᠯᠪᠡ᠃ ︽ᠮᠡᠳᠡᠭᠳᠡᠯ︾ ᠳᠤ 2024 ᠣᠨ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ | ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 1070 ᠲᠥᠭᠦᠷᠢᠭ ᠠᠴᠠ ᠳᠣᠣᠷ᠎ᠠ ᠦᠭᠡᠢ ᠪᠣᠯᠭᠠᠨ᠎ᠠ᠃ ᠡᠭᠦᠨ ᠳᠤ᠂ ᠡᠯ᠎ᠡ ᠱᠠᠲᠤᠨ ᠤ ᠡᠳ᠋ ᠤᠨ ᠵᠠᠰᠠᠭ ᠠᠴᠠ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠨᠥᠬᠦᠪᠦᠷᠢ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ | ᠂ ᠨᠥᠬᠦᠪᠦᠷᠢ ᠥᠭᠬᠦ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠦᠨ᠂ ᠬᠥᠮᠥᠨ ᠪᠦᠷᠢ ᠵᠢᠯ ᠳᠤ 670 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ︔ | ᠰᠠᠭᠤᠭᠠᠯᠢ ᠠᠷᠠᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠢ ᠬᠥᠮᠥᠨ ᠪᠦᠷᠢ ᠵᠢᠯ ᠳᠤ 400 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠃ | ᠲᠣᠳᠣᠷᠬᠠᠶᠢᠯᠠᠬᠤ ᠴᠢᠬᠤᠯᠠᠲᠠᠢ ᠭᠡᠪᠡᠯ᠂ ᠬᠥᠮᠥᠨ ᠳᠤᠮᠳᠠᠴᠢ ᠶᠢᠨ ᠵᠢᠱᠢᠭᠰᠡᠨ ᠠᠮᠢ ᠨᠠᠰᠤ ᠲᠠᠰᠤᠷᠠᠯᠲᠠ ᠦᠭᠡᠢ ᠨᠡᠮᠡᠭᠳᠡᠵᠦ᠂ ᠡᠮᠴᠢᠯᠡᠭᠡᠨ ᠤ ᠬᠡᠷᠡᠭᠯᠡᠭᠡᠨ ᠤ ᠬᠢᠷᠢ | ᠲᠦᠪᠰᠢᠨ ᠦᠷᠭᠦᠯᠵᠢᠯᠡᠨ ᠳᠡᠭᠡᠭᠰᠢᠯᠡᠭᠰᠡᠨ ᠠᠬᠤᠢ ᠪᠠᠶᠢᠳᠠᠯ ᠳᠣᠣᠷ᠎ᠠ᠂ ᠬᠤᠪᠢ ᠬᠥᠮᠥᠨ ᠤ ᠲᠤᠰᠢᠶᠠᠬᠤ ᠰᠦᠢᠳᠬᠡᠯ ᠪᠠ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠬᠦ ᠪᠣᠯ ᠬᠠᠷᠠᠭᠠᠯᠵᠠᠯ ᠤᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠪᠠ ᠳᠦᠷᠢᠮ ᠤᠨ ᠲᠣᠭᠲᠠᠭᠤᠨ ᠢᠶᠠᠷ | ᠠᠵᠢᠯᠯᠠᠬᠤ ᠶᠢ ᠪᠠᠲᠤᠯᠠᠬᠤ ᠪᠤᠰᠤᠳᠴᠢ ᠬᠡᠷᠡᠭᠴᠡᠭᠡ ᠪᠣᠯᠣᠨ᠎ᠠ᠃ ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠬᠦᠨᠳᠦ ᠡᠪᠡᠳᠴᠢᠨ ᠤ ᠳᠠᠭᠠᠳᠬᠠᠯ ᠤᠨ ᠪᠡᠯᠡ | ᠴᠤᠭᠯᠠᠭᠤᠯᠬᠤ ᠪᠦᠲᠦᠴᠡ ᠶᠢ ᠵᠡᠷᠭᠡ ᠪᠠᠷ ᠰᠢᠯᠢᠳᠡᠭᠵᠢᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠶᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ | ᠲᠤᠭ᠎ᠠ ᠶᠣᠰᠣᠭᠠᠷ ᠰᠢᠯᠵᠢᠭᠦᠯᠦᠨ ᠥᠭᠬᠦ ᠶᠢ ᠴᠢᠬᠤᠯᠠᠴᠢᠯᠠᠵᠤ᠂ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ ᠭᠡᠵᠦ ᠱᠠᠭᠠᠷᠳᠠᠪᠠ᠃ | ᠬᠤᠶᠠᠷ᠂ 2024 ᠣᠨ ᠳᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ ᠶᠠᠮᠠᠷ ᠶᠠᠮᠠᠷ ᠪᠣᠳᠠᠲᠠᠢ | ᠱᠠᠭᠠᠷᠳᠠᠯᠭ᠎ᠠ ᠲᠠᠢ ᠪᠣᠶ︖ | ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠶᠢᠨ ᠲᠤᠰᠠᠳᠠ᠂ ︽ᠮᠡᠳᠡᠭᠳᠡᠯ︾ ᠳᠤ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ ᠲᠦᠪᠰᠢᠨ ᠢ ᠪᠠᠬᠢᠵᠢᠭᠦᠯᠵᠦ᠂ ᠬᠦᠨᠳᠦ ᠡᠪᠡᠳᠴᠢᠨ ᠤ | ᠳᠠᠭᠠᠳᠬᠠᠯ ᠤᠨ ᠨᠠᠷᠢᠯᠢᠭ ᠣᠨᠣᠪᠴᠢᠲᠠᠢ ᠪᠠᠷ ᠪᠠᠲᠤᠯᠠᠬᠤ ᠴᠢᠳᠠᠪᠤᠷᠢ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ | ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠨᠢᠭᠡ ᠳᠤ᠂ ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ | ᠲᠦᠪᠰᠢᠨ ᠢ ᠦᠷᠭᠦᠯᠵᠢᠯᠡᠨ ᠪᠠᠬᠢᠵᠢᠭᠦᠯᠵᠦ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠡᠭᠦᠳᠡᠨ | ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠭᠡᠷ ᠪᠦᠯᠢ ᠶᠢᠨ ᠬᠠᠷᠢᠯᠴᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠤᠶᠠᠷ ᠲᠤ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ᠂ ᠲᠠᠩᠰᠠ | ᠲᠠᠶᠢᠯᠬᠤ ᠬᠠᠷᠢᠴᠠᠯ ᠪᠣᠯᠣᠨ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠵᠦᠢ ᠵᠣᠬᠢᠰᠲᠠᠢ ᠲᠣᠭᠲᠠᠭᠠᠵᠤ᠂ ᠬᠦᠨᠳᠦ ᠡᠪᠡᠳᠴᠢᠲᠡᠨ ᠤ ᠶᠡᠭᠡ ᠲᠣᠭᠠᠨ ᠤ | ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠡᠷᠴᠢᠮ ᠢ ᠳᠡᠭᠡᠭᠰᠢᠯᠡᠭᠦᠯᠦᠨ᠎ᠡ᠃ ᠭᠤᠷᠪᠠ ᠳᠤ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠢ ᠡᠭᠦᠳᠡᠨ | ᠡᠮᠨᠡᠯᠭᠡ ᠶᠢᠨ ᠪᠠᠲᠤᠯᠠᠭ᠎ᠠ ᠳᠤ ᠣᠷᠣᠭᠤᠯᠵᠤ᠂ ᠡᠮᠨᠡᠯᠭᠡ ᠳᠤ ᠰᠠᠭᠤᠵᠤ ᠬᠥᠩᠭᠡᠵᠢᠬᠦ ᠡᠮᠴᠢᠯᠡᠭᠡᠨ ᠤ ᠵᠠᠷᠤᠳᠠᠯ ᠢ ᠪᠠᠲᠤᠯᠠᠬᠤ ᠬᠢᠷᠢ ᠲᠦᠪᠰᠢᠨ ᠢ ᠵᠦᠢ ᠵᠣᠬᠢᠰᠲᠠᠢ | ᠳᠡᠭᠡᠭᠰᠢᠯᠡᠭᠦᠯᠦᠨ᠎ᠡ᠃ ︽ᠮᠡᠳᠡᠭᠳᠡᠯ︾ ᠳᠤ ᠳᠦᠷᠢᠮ ᠲᠥᠷᠥ ᠶᠢᠨ ᠪᠣᠳᠣᠯᠭ᠎ᠠ ᠶᠢᠨ ᠳᠦᠷᠢᠮᠵᠢᠯ ᠨᠢᠭᠡᠳᠦᠯᠲᠡᠢ ᠪᠠᠶᠢᠬᠤ ᠶᠢ ᠠᠬᠢᠭᠤᠯᠬᠤ ᠶᠢ ᠣᠨᠴᠠᠭᠠᠶᠢᠯᠠᠨ | ᠴᠢᠬᠤᠯᠠᠴᠢᠯᠠᠵᠤ᠂ ᠡᠯ᠎ᠡ ᠭᠠᠵᠠᠷ ᠤᠨ ᠬᠢᠨ 2025 ᠣᠨ ᠳᠤ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠳᠠᠩᠰᠠ ᠶᠢᠨ ᠭᠤᠷᠪᠠᠨ ᠵᠢᠯ ᠤᠨ | ᠠᠵᠢᠯᠯᠠᠭᠠᠨ ᠤ ᠲᠥᠰᠥᠯ ᠤᠨ ︽ᠡᠷᠬᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ | ᠵᠠᠰᠠᠬᠤ ᠣᠷᠣᠨ ᠤ ᠳᠡᠰ ᠤᠨ ᠨᠢᠭᠡᠳᠦᠯᠲᠡᠢ ᠲᠥᠯᠦᠪᠵᠢᠭᠦᠯᠭᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠤᠯᠤᠰ ᠤᠨ ᠲᠣᠳᠣᠷᠬᠠᠢ ᠴᠢᠭᠯᠡᠯ ᠶᠣᠰᠣᠭᠠᠷ | ᠦᠷᠭᠦᠯᠵᠢᠯᠡᠨ ᠳᠠᠭᠠᠳᠬᠠᠯ ᠳᠤ ᠣᠷᠣᠯᠴᠠᠬᠤ ᠶᠢ ᠤᠷᠮᠠᠰᠢᠭᠤᠯᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠬᠦ ᠶᠢᠨ ᠬᠠᠮᠲᠤ ᠠᠯᠬᠤᠮ ᠠᠯᠬᠤᠮ ᠢᠶᠠᠷ | ᠨᠢᠭᠡᠳᠦᠯᠲᠡᠢ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠬᠤᠭᠤᠴᠠᠭ᠎ᠠ ᠶᠢ ᠨᠢᠭᠡᠳᠦᠯᠲᠡᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠭᠤᠷᠪᠠ᠂ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠡᠮᠴᠢᠯᠡᠭᠡᠨ ᠤ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠬᠦ ᠠᠵᠢᠯ ᠢ ᠬᠡᠷᠬᠢᠨ ᠯᠠᠪᠳᠠᠭᠤᠨ ᠪᠠᠲᠤᠲᠠᠢ ᠰᠠᠶᠢᠲᠤᠷ ᠬᠢᠬᠦ ᠪᠣᠶ︖ | ︽ᠮᠡᠳᠡᠭᠳᠡᠯ︾ ᠳᠤ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠳᠠᠭᠠᠳᠬᠠᠯ ᠳᠤ | ᠣᠷᠣᠯᠴᠠᠬᠤ ᠠᠵᠢᠯ ᠢ ᠰᠠᠶᠢᠲᠤᠷ ᠬᠢᠵᠦ᠂ ᠬᠤᠶᠠᠷ ᠲᠥᠷᠥᠯ ᠤᠨ ᠬᠥᠮᠥᠰ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 99% ᠠᠴᠠ ᠳᠣᠣᠷ᠎ᠠ ᠪᠠᠶᠢᠯᠭᠠᠵᠤ ᠪᠣᠯᠬᠤ | ᠦᠭᠡᠢ ᠭᠡᠵᠦ ᠱᠠᠭᠠᠷᠳᠠᠪᠠ᠃ ᠨᠢᠭᠡ ᠳᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢ ᠲᠥᠷᠥᠯ ᠬᠤᠪᠢᠶᠠᠨ ᠲᠤᠰᠠᠯᠠᠵᠤ ᠳᠠᠭᠠᠳᠬᠠᠯ ᠳᠤ ᠣᠷᠣᠯᠴᠠᠬᠤ ᠲᠥᠷᠥ ᠶᠢᠨ | ᠪᠣᠳᠣᠯᠭ᠎ᠠ ᠶᠢ ᠲᠣᠭᠲᠠᠭᠠᠯ ᠶᠣᠰᠣᠭᠠᠷ ᠰᠠᠶᠢᠲᠤᠷ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠲᠣᠭᠲᠠᠭᠰᠠᠨ ᠲᠤᠭ᠎ᠠ ᠪᠠᠷ ᠲᠤᠰᠠᠯᠠᠬᠤ ᠪᠠᠷᠢᠮᠵᠢᠶ᠎ᠠ ᠶᠢ | ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠬᠤᠶᠠᠷ ᠲᠤ᠂ | ᠡᠮᠴᠢᠯᠡᠭᠡᠨ ᠤ ᠶᠡᠭᠡ ᠵᠠᠷᠤᠳᠠᠯ ᠤᠨ ᠳᠠᠷᠤᠭᠠᠰᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠪᠠᠶᠢᠩᠭᠤᠵᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠪᠠ ᠰᠠᠯᠠᠭ᠎ᠠ ᠮᠥᠴᠢᠷ ᠤᠨ ᠬᠤᠭᠤᠷᠣᠨᠳᠣᠬᠢ ᠠᠵᠢᠯ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠭᠦᠯᠡᠰᠦᠩᠭᠦᠢ ᠶᠢᠨ | ᠦᠢᠯᠡᠰ ᠵᠡᠷᠭᠡ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠠᠪᠤᠷᠠᠨ ᠲᠤᠰᠠᠯᠠᠬᠤ ᠪᠠᠲᠤᠯᠠᠭ᠎ᠠ ᠳᠤ ᠣᠷᠣᠯᠴᠠᠭᠤᠯᠤᠨ᠎ᠠ᠃ | | ᠳᠥᠷᠪᠡ᠂ ᠰᠠᠭᠤᠭᠠᠯᠢ ᠠᠷᠠᠳ ᠤᠨ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ | ᠤᠷᠮᠠᠰᠢᠭᠤᠯᠬᠤ ᠠᠷᠭ᠎ᠠ ᠬᠡᠮᠵᠢᠶ᠎ᠡ ᠲᠠᠢ ᠪᠣᠶ︖ | ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2024︺ 38 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠨ ᠬᠥᠮᠥᠰ ᠪᠠ ᠲᠠᠩᠰᠠ ᠲᠠᠶᠢᠯᠬᠤ | ᠦᠭᠡᠢ ᠬᠥᠮᠥᠰ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠢ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠪᠠᠷ ᠲᠣᠳᠣᠷᠬᠠᠢ ᠳᠤᠷᠠᠳᠤᠨ ᠭᠠᠷᠭᠠᠪᠠ᠃ | ︽ᠮᠡᠳᠡᠭᠳᠡᠯ︾ ᠳᠤ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ | ᠵᠢᠯᠤᠭᠤᠳᠬᠤ ᠰᠠᠨᠠᠯ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠬᠠᠷᠠᠭᠠᠯᠵᠠᠯ ᠤᠨ ᠬᠢᠷᠢ ᠲᠦᠪᠰᠢᠨ ᠢ ᠪᠠᠭᠤᠷᠠᠭᠤᠯᠬᠤ ᠦᠭᠡᠢ | ᠰᠠᠭᠤᠷᠢᠨ ᠳᠡᠭᠡᠷ᠎ᠡ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠨ ᠬᠥᠮᠥᠰ ᠪᠠ ᠲᠠᠩᠰᠠ ᠲᠠᠶᠢᠯᠬᠤ ᠦᠭᠡᠢ ᠬᠥᠮᠥᠰ ᠤᠨ | ᠬᠦᠨᠳᠦ ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠢ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠤᠷᠮᠠᠰᠢᠭᠤᠯᠬᠤ ᠠᠷᠭ᠎ᠠ | ᠬᠡᠮᠵᠢᠶ᠎ᠡ ᠪᠠᠷ ᠳᠠᠮᠵᠢᠭᠤᠯᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠᠨ | ᠴᠢᠩᠭᠠᠳᠬᠠᠬᠤ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠵᠣᠷᠢᠭᠵᠢᠭᠤᠯᠵᠤ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ | ᠨᠠᠩ ᠥᠨᠳᠥᠷ ᠪᠠᠲᠤᠯᠠᠭ᠎ᠠ ᠣᠯᠵᠤ ᠪᠣᠯᠬᠤ ᠪᠥᠭᠡᠳ ᠪᠠᠰᠠ ᠪᠥᠬᠦ ᠳᠠᠭᠠᠳᠬᠠᠯ ᠳᠤ ᠣᠷᠣᠯᠴᠠᠭᠰᠠᠳ ᠤᠨ ᠠᠰᠢᠭ ᠲᠤᠰᠠ ᠶᠢ ᠦᠨᠳᠦᠰᠦᠨ ᠠᠴᠠ ᠨᠢ ᠨᠠᠩ ᠰᠠᠶᠢᠲᠤᠷ | ᠬᠠᠮᠠᠭᠠᠯᠠᠬᠤ ᠶᠢᠨ ᠬᠠᠮᠲᠤ ᠰᠠᠭᠤᠷᠢ ᠮᠥᠩᠭᠦ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ | ᠲᠠᠪᠤ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠡᠷᠦᠬᠡ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠳᠤ ᠣᠷᠤᠯᠴᠠᠭᠰᠠᠨ ᠭᠡᠷ ᠪᠦᠯᠢ ᠶᠢᠨ ᠬᠢᠨ ᠳᠤ ᠪᠠᠨ ᠬᠡᠷᠡᠭᠯᠡᠭᠦᠯᠵᠦ ᠪᠣᠯᠣᠨ᠎ᠠ ᠤᠤ︖ | ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ᠳᠤ᠂ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠬᠠᠷᠢᠯᠴᠠᠨ ᠬᠠᠷᠠᠭᠠᠯᠵᠠᠬᠤ ᠬᠡᠪᠴᠢᠶ᠎ᠡ ᠶᠢ ᠣᠶᠢᠷ᠎ᠠ ᠲᠥᠷᠥᠯ ᠰᠠᠳᠤᠨ ᠳᠤ ᠬᠦᠷᠲᠡᠯ᠎ᠡ | ᠥᠷᠭᠡᠳᠬᠡᠨ᠎ᠡ᠃ ᠡᠭᠦᠨ ᠳᠤ᠂ ᠣᠶᠢᠷ᠎ᠠ ᠲᠥᠷᠥᠯ ᠰᠠᠳᠤᠨ ᠭᠡᠳᠡᠭ ᠪᠣᠯ ︽ᠢᠷᠭᠡᠨ ᠤ ᠬᠠᠤᠯᠢ ᠶᠢᠨ ᠪᠢᠴᠢᠭ︾ ᠲᠤ ᠲᠣᠭᠲᠠᠭᠠᠭᠰᠠᠨ ᠬᠠᠨᠢ ᠨᠥᠬᠦᠷ᠂ ᠡᠴᠢᠭᠡ ᠡᠬᠡ᠂ | ᠦᠷ᠎ᠡ ᠬᠡᠦᠬᠡᠳ᠂ ᠠᠬ᠎ᠠ ᠳᠡᠭᠦᠦ ᠡᠭᠡᠴᠢ ᠥᠬᠢᠨ ᠳᠡᠭᠦᠦ᠂ ᠡᠪᠦᠭᠡ ᠡᠮᠡᠭᠡ᠂ ᠨᠠᠭᠠᠴᠤ ᠡᠪᠦᠭᠡ ᠡᠮᠡᠭᠡ᠂ ᠣᠮᠪᠣᠯᠣ ᠦᠷ᠎ᠡ ᠬᠡᠦᠬᠡᠳ᠂ ᠵᠢᠭᠡ ᠣᠮᠪᠣᠯᠣ ᠦᠷ᠎ᠡ | ᠬᠡᠦᠬᠡᠳ ᠢ ᠵᠢᠭᠠᠵᠤ ᠪᠠᠶᠢᠨ᠎ᠠ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠡᠷᠦᠬᠡ ᠶᠢ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠣᠶᠢᠷ᠎ᠠ ᠲᠥᠷᠥᠯ ᠰᠠᠳᠤᠨ ᠤ ᠰᠦᠢᠳᠬᠡᠯ ᠲᠤᠰᠢᠶᠠᠬᠤ ᠳᠤ ᠬᠡᠷᠡᠭᠯᠡᠵᠦ ᠪᠣᠯᠣᠨ᠎ᠠ᠃ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠣᠶᠢᠷ᠎ᠠ ᠲᠥᠷᠥᠯ ᠰᠠᠳᠤᠨ ᠨᠢ ᠡᠮᠴᠢᠯᠡᠭᠡᠨ ᠤ ᠵᠠᠷᠤᠳᠠᠯ ᠢᠶᠠᠨ ᠴᠦ ᠳᠠᠩᠰᠠ ᠲᠠᠶᠢᠯᠵᠤ᠂ ᠬᠤᠯᠪᠣᠭᠳᠠᠯ ᠪᠦᠬᠦᠢ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠥᠨ ᠤ ᠳᠠᠩᠰᠠᠨ ᠡᠷᠦᠬᠡ ᠶᠢ ᠬᠡᠷᠡᠭᠯᠡᠨ ᠳ᠋ᠦᠩᠨᠡᠨ ᠪᠣᠳᠣᠵᠤ ᠪᠣᠯᠣᠨ᠎ᠠ᠃ ︽ | ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠭᠡᠷ ᠪᠦᠯᠢ ᠶᠢᠨ | ᠬᠠᠷᠢᠯᠴᠠᠨ ᠲᠤᠰᠠᠯᠠᠯᠴᠠᠬᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ ︽ᠮᠡᠳᠡᠭᠳᠡᠯ︾ ᠳᠤ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠨᠢᠭᠡᠳᠦᠯᠲᠡᠢ ᠵᠣᠬᠢᠶᠠᠨ ᠪᠠᠶᠢᠭᠤᠯᠤᠯᠲᠠ ᠳᠣᠣᠷ᠎ᠠ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠵᠤ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠠᠵᠢᠯ ᠤᠨ ᠢᠳᠡᠪᠬᠢᠵᠢᠯ ᠢ ᠲᠠᠶᠢᠴᠢᠯᠠᠵᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠨᠡᠶᠢᠭᠡᠮ ᠤᠨ ᠵᠢᠱᠢᠯᠲᠡ ᠶᠢ ᠵᠣᠬᠢᠰᠲᠠᠢ | ᠬᠥᠲᠥᠯᠥᠨ ᠵᠢᠯᠤᠭᠤᠳᠴᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠳᠦᠷᠢᠮ ᠲᠦᠷᠦ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠡᠷᠬᠡ | ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ |