| ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯᠳᠤᠭᠠᠨ ᠤ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠪᠥᠬᠦ ᠰᠤᠷᠤᠯᠭ᠎ᠠ ᠶᠢᠨ ᠬᠤᠭᠤᠴᠠᠭᠠᠨ ᠳᠠᠬᠢ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ | ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤ ᠦᠶ᠎ᠡ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤ ᠦᠶ᠎ᠡ ᠳᠠᠬᠢ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦᠨ ᠤ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠡᠳ᠋ ᠰᠤᠷᠭᠠᠨ ﹇2024﹈ 181 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ | ᠳᠠᠷᠤᠮᠠᠯᠯᠠᠨ ᠶᠠᠪᠤᠭᠤᠯᠪᠠ᠃ ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠳ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ | ᠲᠥᠷᠥ ᠶᠢᠨ ᠪᠣᠳᠣᠯᠭ᠎ᠠ ᠳᠠᠬᠢ ᠲᠣᠰ ᠤᠳᠠᠭᠠᠨ ᠤ ᠲᠣᠬᠢᠷᠠᠭᠤᠯᠤᠯᠲᠠ ᠶᠢᠨ ᠠᠬᠤᠢ ᠪᠠᠶᠢᠳᠠᠯ ᠪᠠ ᠠᠴᠢ ᠬᠤᠯᠪᠣᠭᠳᠠᠯ᠂ ᠳᠣᠬᠢᠷᠠᠭᠤᠯᠬᠤ ᠵᠠᠷᠴᠢᠮ᠂ ᠭᠤᠣᠯ ᠠᠭᠤᠯᠭ᠎ᠠ | ᠂ ᠨᠠᠶᠢᠳᠠᠪᠤᠷᠢᠵᠢᠭᠤᠯᠬᠤ ᠱᠠᠭᠠᠷᠳᠠᠯᠭ᠎ᠠ ᠵᠡᠷᠭᠡ ᠠᠰᠠᠭᠤᠳᠠᠯ ᠤᠨ ᠲᠠᠯ᠎ᠠ ᠪᠠᠷ ᠰᠤᠷᠪᠤᠯᠵᠢᠯᠠᠭᠴᠢ ᠶᠢᠨ ᠠᠰᠠᠭᠤᠯᠲᠠ ᠨᠤᠭᠤᠳ ᠢ ᠬᠠᠷᠢᠭᠤᠯᠵᠠᠢ᠃ | ᠨᠢᠭᠡ᠂ ᠲᠣᠰ ᠤᠳᠠᠭᠠᠨ ᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠣᠶ︖ | ᠬᠠᠷᠢᠭᠤᠯᠲᠠ᠄ ᠣᠳᠣᠬᠠᠨ ᠳᠤ᠂ ᠮᠠᠨ ᠤ ᠤᠯᠤᠰ ᠨᠢᠭᠡᠨᠲᠡ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠳᠡᠯᠡᠬᠡᠢ ᠳᠡᠭᠡᠷᠡᠬᠢ ᠬᠠᠮᠤᠭ ᠤᠨ ᠶᠡᠭᠡ ᠬᠡᠪᠴᠢᠶᠡᠲᠡᠢ | ᠲᠣᠭᠲᠠᠯᠴᠠᠭ᠎ᠠ ᠶᠢ ᠪᠠᠶᠢᠭᠤᠯᠤᠭᠠᠳ᠂ ᠬᠡᠪᠴᠢᠶᠡᠨ ᠤ ᠲᠠᠯ᠎ᠠ ᠪᠠᠷ ᠪᠦᠬᠦ᠋ᠢᠯᠡ ᠰᠤᠷᠤᠯᠭ᠎ᠠ ᠶᠢᠨ ᠱᠠᠲᠤ ᠦᠶ᠎ᠡ᠂ ᠪᠦᠬᠦ᠋ᠢᠯᠡ ᠰᠤᠷᠭᠠᠭᠤᠯᠢ᠂ ᠪᠦᠬᠦ᠋ᠢᠯᠡ ᠭᠡᠷ ᠤᠨ | ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠪᠦᠬᠦᠨ ᠢ ᠬᠠᠮᠤᠷᠴᠤ᠂ ᠣᠷᠣᠭᠤᠯᠤᠯᠲᠠ ᠶᠢᠨ ᠲᠠᠯ᠎ᠠ ᠪᠠᠷ ᠡᠯ᠎ᠡ ᠱᠠᠲᠤᠨ ᠤ ᠡᠳ᠋ ᠤᠨ ᠵᠠᠰᠠᠭ ᠰᠣᠷᠣᠭᠴᠢᠳ ᠢ ᠡᠳ᠋ | ᠮᠥᠩᠭᠦ ᠪᠠᠷ ᠲᠤᠰᠠᠯᠠᠬᠤ ᠨᠥᠬᠦᠪᠦᠷᠢ ᠶᠢᠨ ᠵᠠᠷᠤᠳᠠᠯ ᠢ ᠡᠩ ᠲᠡᠷᠢᠭᠦᠨ ᠳᠤ ᠪᠠᠲᠤᠯᠠᠵᠤ᠂ ᠳᠦᠷᠢᠮ ᠤᠨ ᠲᠠᠯ᠎ᠠ ᠪᠠᠷ ᠨᠢᠭᠡ ᠰᠤᠷᠤᠭᠴᠢ ᠶᠢ ᠴᠤ ᠭᠡᠷ ᠤᠨ ᠠᠮᠢᠳᠤᠷᠠᠯ ᠨᠢ | ᠬᠦᠴᠢᠷᠳᠡᠯᠲᠡᠢ ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠢ ᠪᠠᠶᠢᠯᠭᠠᠨ᠂ ᠴᠢᠳᠠᠮᠵᠢ ᠶᠢᠨ ᠲᠠᠯ᠎ᠠ ᠪᠠᠷ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ | ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠡᠷᠡᠰ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠦᠴᠢᠷᠳᠡᠯᠲᠡᠢ ᠶᠢ ᠲᠤᠰᠠᠯᠠᠬᠤ᠂ ᠰᠢᠯᠢᠳᠡᠭ ᠢ ᠱᠠᠩᠨᠠᠬᠤ᠂ ᠬᠥᠲᠥᠯᠥᠨ | ᠵᠢᠯᠤᠭᠤᠳᠬᠤ᠂ ᠬᠥᠮᠥᠨ ᠬᠥᠮᠥᠵᠢᠭᠦᠯᠬᠦ ᠴᠢᠬᠤᠯᠠ ᠦᠢᠯᠡᠳᠦᠯ ᠭᠠᠷᠭᠠᠪᠠ᠃ ᠣᠶᠢᠷ᠎ᠠ ᠶᠢᠨ ᠵᠢᠯ ᠤᠳ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠡᠳ᠋ ᠤᠨ ᠵᠠᠰᠠᠭ ᠤᠨ ᠶᠠᠮᠤᠨ ᠨᠢ ᠰᠤᠷᠭᠠᠨ ᠬᠥᠮᠦᠵᠢᠯ ᠤᠨ ᠶᠠᠮᠤᠨ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠰᠣᠷᠣᠭᠴᠢᠳ ᠢ ᠡᠳ᠋ | ᠮᠥᠩᠭᠦ ᠪᠠᠷ ᠲᠤᠰᠠᠯᠠᠬᠤ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠤᠯᠤᠰ ᠤᠨ ᠡᠳ᠋ ᠮᠥᠩᠭᠦ ᠪᠠᠷ | ᠲᠤᠰᠠᠯᠠᠬᠤ ᠪᠠᠷᠢᠮᠵᠢᠶᠠᠨ ᠳᠤ ᠵᠣᠬᠢᠰᠲᠠᠢ ᠴᠠᠭ ᠲᠤ ᠨᠢ ᠬᠥᠳᠡᠯᠦᠩᠭᠦᠢ ᠲᠣᠬᠢᠷᠠᠭᠤᠯᠤᠯᠲᠠ ᠬᠢᠵᠦ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠤᠭᠠᠳ ᠤᠯᠤᠰ ᠤᠨ ᠡᠳ᠋ ᠮᠥᠩᠭᠦ ᠪᠠᠷ ᠲᠤᠰᠠᠯᠠᠬᠤ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ 2023 ᠣᠨ ᠳᠤ | ᠂ ᠪᠥᠬᠦ ᠤᠯᠤᠰ ᠲᠤ ᠡᠯ᠎ᠡ ᠰᠤᠷᠤᠯᠭ᠎ᠠ ᠶᠢᠨ ᠱᠠᠲᠤᠨ ᠤ ᠰᠣᠷᠣᠭᠴᠢᠳ ᠢ ᠨᠡᠶᠢᠲᠡ 1.6 ᠳ᠋ᠦᠩᠰᠢᠭᠤᠷ ᠬᠥᠮᠥᠨ ᠤᠳᠠᠭ᠎ᠠ ᠡᠳ᠋ ᠮᠥᠩᠭᠦ ᠪᠠᠷ ᠲᠤᠰᠠᠯᠠᠵᠤ᠂ | ᠲᠤᠰᠠᠯᠠᠭᠰᠠᠨ ᠵᠣᠭᠤᠰᠤᠨ ᠤ ᠲᠤᠭ᠎ᠠ ᠨᠡᠶᠢᠲᠡ 3111 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠳᠤ᠂ ᠪᠦᠬᠦ ᠤᠯᠤᠰ ᠤᠨ ᠡᠳ᠋ ᠤᠨ ᠵᠠᠰᠠᠭ ᠠᠴᠠ | 2161 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠨᠢ ᠪᠠᠷᠤᠭ ᠡᠳ᠋ ᠮᠥᠩᠭᠦ ᠪᠠᠷ ᠲᠤᠰᠠᠯᠠᠭᠰᠠᠨ ᠪᠦᠬᠦ ᠵᠣᠭᠤᠰᠤᠨ ᠤ ᠲᠣᠭᠠᠨ ᠤ 69% ᠶᠢ ᠡᠵᠡᠯᠡᠵᠦ | ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠦᠨ᠂ ᠲᠡᠳᠡᠨ ᠤ ᠰᠤᠷᠭᠠᠭᠤᠯᠢ ᠳᠤ | ᠤᠷᠤᠭᠰᠢᠲᠠᠢ ᠣᠷᠣᠬᠤ᠂ ᠰᠡᠳᠬᠢᠯ ᠠᠮᠤᠷ ᠰᠤᠷᠤᠯᠴᠠᠬᠤ ᠶᠢ ᠨᠢ ᠪᠠᠲᠤᠯᠠᠵᠤ᠂ ᠰᠤᠷᠤᠯᠭ᠎ᠠ ᠳᠤ ᠪᠠᠨ ᠠᠮᠵᠢᠯᠲᠠ ᠣᠯᠵᠤ᠂ ᠪᠦᠬᠦ ᠲᠠᠯ᠎ᠠ ᠪᠠᠷ ᠬᠥᠭᠵᠢᠬᠦ ᠶᠢ ᠨᠢ | ᠤᠷᠮᠠᠰᠢᠭᠤᠯᠤᠨ ᠵᠣᠷᠢᠭᠵᠢᠭᠤᠯᠪᠠ᠃ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠤ ᠳᠡᠭᠡᠭᠰᠢᠯᠡᠬᠦ ᠪᠠ ᠰᠤᠷᠭᠠᠭᠤᠯᠢ ᠳᠤ ᠪᠠᠶᠢᠭ᠎ᠠ | ᠰᠤᠷᠤᠭᠴᠢᠳ ᠤᠨ ᠲᠤᠭ᠎ᠠ ᠨᠡᠮᠡᠭᠳᠡᠬᠦ ᠶᠢ ᠳᠠᠭᠠᠯᠳᠤᠨ᠂ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭ᠎ᠠ ᠶᠢ ᠵᠣᠬᠢᠬᠤ ᠬᠡᠮᠵᠢᠶ᠎ᠡ ᠪᠠᠷ | ᠨᠡᠮᠡᠭᠳᠡᠭᠦᠯᠵᠦ᠂ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠪᠠᠷᠢᠮᠵᠢᠶ᠎ᠠ ᠶᠢ ᠵᠣᠬᠢᠰᠲᠠᠢ ᠪᠠᠷ ᠳᠡᠭᠡᠭᠰᠢᠯᠡᠭᠦᠯᠬᠦ ᠬᠡᠷᠡᠭᠲᠡᠢ ᠬᠡᠮᠡᠨ ᠬᠡᠰᠡᠭ | ᠭᠠᠵᠠᠷ ᠣᠷᠣᠨ ᠪᠠ ᠰᠤᠷᠭᠠᠭᠤᠯᠢ ᠨᠤᠭᠤᠳ ᠲᠤᠰᠬᠠᠭᠰᠠᠨ ᠪᠠᠶᠢᠨ᠎ᠠ᠃ ᠲᠣᠰ ᠤᠳᠠᠭᠠᠨ ᠤ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠲᠥᠷᠥ ᠶᠢᠨ | ᠪᠣᠳᠣᠯᠭ᠎ᠠ ᠳᠠᠬᠢ ᠲᠣᠬᠢᠷᠠᠭᠤᠯᠤᠯᠲᠠ ᠪᠣᠯ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ᠂ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠤ ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠲᠤᠬᠠᠢ ᠪᠠᠶᠢᠷᠢᠯᠠᠭᠤᠯᠤᠯᠲᠠ ᠶᠢᠨ ᠴᠢᠬᠤᠯᠠ | ᠠᠷᠭ᠎ᠠ ᠪᠠᠷᠢᠯ ᠪᠣᠯᠣᠨ᠎ᠠ᠂ ᠲᠣᠰ ᠳᠣᠬᠢᠷᠠᠭᠤᠯᠤᠯᠲᠠ ᠨᠢ ᠨᠡᠩ ᠶᠡᠭᠡ ᠡᠷᠴᠢᠮ ᠢᠶᠠᠷ ᠰᠢᠯᠢᠳᠡᠭ ᠢ ᠱᠠᠩᠨᠠᠨ ᠬᠦᠴᠢᠷᠳᠡᠯᠲᠡᠢ ᠶᠢ ᠲᠤᠰᠠᠯᠠᠬᠤ᠂ ᠨᠡᠩ ᠣᠯᠠᠨ | ᠰᠤᠷᠤᠭᠴᠢᠳ ᠢ ᠬᠠᠮᠤᠷᠬᠤ ᠪᠠᠷ ᠳᠠᠮᠵᠢᠭᠤᠯᠤᠨ᠂ ᠥᠷᠭᠡᠨ ᠤᠯᠠᠨ ᠰᠤᠷᠤᠭᠴᠢᠳ ᠤᠨ ᠰᠢᠷᠭᠠᠭᠤ ᠰᠤᠷᠤᠯᠴᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠳᠤ | ᠰᠢᠮᠳᠠᠬᠤ ᠶᠢ ᠨᠢ ᠤᠷᠮᠠᠰᠢᠭᠤᠯᠤᠨ ᠬᠥᠭᠵᠢᠭᠡᠵᠦ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠳ᠂ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠳ | ᠬᠥᠮᠥᠵᠢᠭᠳᠡᠬᠦ ᠶᠢ ᠨᠡᠩ ᠪᠦᠲᠦᠮᠵᠢᠲᠡᠢ ᠠᠬᠢᠭᠤᠯᠬᠤ ᠪᠣᠯᠣᠨ᠎ᠠ︔ ᠲᠡᠷᠡᠴᠢᠯᠡᠨ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠤᠨ ᠰᠡᠳᠬᠢᠯ ᠠᠮᠤᠷ | ᠰᠤᠷᠤᠯᠴᠠᠬᠤ᠂ ᠰᠤᠷᠤᠯᠭ᠎ᠠ ᠪᠠᠨ ᠤᠷᠤᠭᠰᠢᠲᠠᠢ ᠲᠡᠭᠦᠰᠬᠡᠬᠦ ᠶᠢ ᠨᠡᠩ ᠰᠠᠶᠢᠲᠤᠷ ᠪᠠᠲᠤᠯᠠᠵᠤ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠨᠡᠩ ᠪᠦᠲᠦᠮᠵᠢᠲᠡᠶ | ᠠᠬᠢᠭᠤᠯᠤᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠪᠠᠲᠤ ᠲᠦᠰᠢᠭ | ᠲᠤᠯᠭᠠᠭᠤᠷᠢ ᠪᠣᠯᠬᠤ ᠪᠣᠯᠣᠨ᠎ᠠ᠃ ᠬᠤᠶᠠᠷ᠂ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠶᠠᠭᠤ ᠶᠢ ᠶᠡᠷᠦᠩᠬᠡᠶᠢᠯᠡᠨ ᠪᠣᠳᠣᠯᠬᠢᠯᠠᠭᠰᠠᠨ | ᠪᠣᠶ︖ ᠬᠠᠷᠢᠭᠤᠯᠲᠠ᠄ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ︽ᠭᠤᠷᠪᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ︾ ᠶᠢ | ᠪᠠᠷᠢᠮᠲᠠᠯᠠᠪᠠ᠃ ᠨᠢᠭᠡ ᠳᠤ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠨᠢᠭᠡᠳᠦᠯᠲᠡᠢ | ᠲᠥᠯᠥᠪᠯᠡᠨ ᠪᠣᠳᠣᠯᠬᠢᠯᠠᠪᠠ᠃ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭ᠎ᠠ ᠶᠢ ᠶᠡᠭᠡ ᠪᠠᠷ ᠨᠡᠮᠡᠭᠳᠡᠭᠦᠯᠵᠦ᠂ ᠰᠤᠷᠤᠯᠭ᠎ᠠ ᠶᠢᠨ | ᠱᠠᠩᠨᠠᠯ ᠤᠨ ᠮᠥᠩᠭᠦ ᠪᠠᠷ ᠱᠠᠩᠨᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠮᠣᠷᠠᠯ ᠰᠤᠷᠤᠯᠭ᠎ᠠ ᠬᠤᠣᠰᠯᠠᠭᠰᠠᠨ ᠰᠣᠷᠣᠭᠴᠢᠳ ᠢ ᠱᠠᠩᠨᠠᠬᠤ ᠡᠷᠴᠢᠮ ᠢᠶᠠᠨ | ᠴᠢᠩᠭᠠᠷᠠᠭᠤᠯᠪᠠ︔ ᠪᠠᠰᠠ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠂ | ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ ᠨᠡᠩ ᠰᠠᠶᠢᠨ ᠰᠢᠢᠳᠪᠦᠷᠢᠯᠡᠵᠦ᠂ ᠤᠯᠤᠰ ᠤᠨ ᠡᠯ᠎ᠡ | ᠲᠦᠷᠦᠯ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠶᠢᠨ ᠤᠷᠮᠠᠰᠢᠭᠤᠯᠤᠨ ᠵᠣᠷᠢᠭᠵᠢᠭᠤᠯᠬᠤ ᠪᠠ ᠪᠠᠲᠤᠯᠠᠬᠤ | ᠦᠢᠯᠡᠳᠦᠯ ᠢ ᠨᠢ ᠨᠡᠩ ᠰᠠᠶᠢᠲᠤᠷ ᠪᠠᠳᠠᠷᠠᠭᠤᠯᠬᠤ ᠪᠣᠯᠭᠠᠪᠠ᠃ | ᠬᠤᠶᠠᠷ ᠲᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠠ ᠬᠡᠪᠴᠢᠶ᠎ᠡ ᠶᠢ ᠥᠷᠭᠡᠳᠬᠡᠬᠦ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠳᠡᠭᠡᠳᠦ ᠵᠡᠷᠭᠡ ᠶᠢᠨ | ᠰᠤᠷᠭᠠᠭᠤᠯᠢ ᠶᠢᠨ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠲᠤ ᠣᠯᠭᠤᠬᠤ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ | ᠤᠯᠤᠰ ᠤᠨ ᠤᠷᠮᠠᠰᠢᠭᠤᠯᠤᠨ ᠵᠣᠷᠢᠭᠵᠢᠭᠤᠯᠬᠤ ᠱᠠᠩᠨᠠᠯ ᠤᠨ ᠮᠥᠩᠭᠦ ᠪᠠ ᠰᠤᠳᠤᠯᠬᠤ ᠰᠣᠷᠣᠭᠴᠢᠳ ᠢ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ | ᠪᠠᠷᠢᠮᠵᠢᠶ᠎ᠠ ᠶᠢ ᠨᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ | ᠰᠣᠷᠣᠭᠴᠢᠳ ᠲᠤ ᠣᠯᠭᠤᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠳᠠᠬᠢ ᠤᠯᠤᠰ ᠤᠨ ᠲᠡᠳᠬᠦᠮᠵᠢ ᠶᠢᠨ ᠮᠥᠩᠭᠦ ᠪᠠᠷ ᠲᠤᠰᠠᠯᠠᠬᠤ | ᠪᠠᠷᠢᠮᠵᠢᠶ᠎ᠠ ᠶᠢ ᠳᠡᠭᠡᠭᠰᠢᠯᠡᠭᠦᠯᠪᠡ︔ ᠪᠠᠰᠠ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭ᠎ᠠ ᠶᠢ | ᠶᠡᠭᠡ ᠪᠠᠷ ᠨᠡᠮᠡᠭᠳᠡᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢ ᠪᠠᠭᠲᠠᠭᠠᠨ᠎ᠠ᠂ | ᠳᠣᠷᠣᠭᠰᠢ ᠠᠳᠠᠯᠢ︶ ᠶᠢᠨ ᠰᠣᠷᠣᠭᠴᠢᠳ ᠲᠤ ᠣᠯᠭᠤᠬᠤ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ | ᠰᠤᠷᠤᠭᠴᠢ ᠪᠠ ᠰᠤᠷᠭᠠᠭᠤᠯᠢ ᠶᠢᠨ ᠪᠣᠳᠠᠲᠤ ᠬᠡᠷᠡᠭᠴᠡᠭᠡ ᠳᠤ ᠨᠡᠩ ᠢᠯᠡᠭᠦᠦ ᠨᠡᠶᠢᠴᠡᠭᠦᠯᠪᠡ᠃ | ᠭᠤᠷᠪᠠ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ | ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠥᠨᠥ ᠵᠢᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠲᠥᠷᠥ ᠶᠢᠨ | ᠪᠣᠳᠣᠯᠭ᠎ᠠ ᠳᠤ ᠭᠤᠣᠯᠳᠠᠯᠭ᠎ᠠ ᠲᠠᠢ ᠲᠣᠬᠢᠷᠠᠭᠤᠯᠤᠯᠲᠠ ᠬᠢᠭᠰᠡᠨ ᠮᠥᠷᠲᠡᠭᠡᠨ ᠢᠷᠡᠬᠦ ᠵᠢᠯ ᠪᠠᠰᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢ ᠬᠠᠮᠲᠤ ᠳᠤ ᠨᠢ ᠬᠠᠷᠠᠭᠠᠯᠵᠠᠵᠤ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢᠳ ᠲᠤ ᠣᠯᠭᠤᠬᠤ ᠤᠯᠤᠰ ᠤᠨ ᠰᠤᠷᠤᠯᠭ᠎ᠠ ᠶᠢᠨ | ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠰᠣᠷᠣᠭᠴᠢᠳ ᠢ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ | ᠬᠡᠪᠴᠢᠶᠡᠨ ᠳᠤ ᠣᠷᠣᠭᠤᠯᠵᠤ᠂ ᠨᠠᠩ ᠣᠯᠠᠨ ᠰᠣᠷᠣᠭᠴᠢᠳ ᠲᠤ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ ᠬᠦᠷᠲᠡᠭᠡᠬᠦ ᠪᠣᠯᠭᠠᠪᠠ | ᠃ ᠭᠤᠷᠪᠠ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠭᠰᠡᠨ ᠤ ᠭᠤᠣᠯ ᠠᠭᠤᠯᠭ᠎ᠠ ᠨᠢ ᠶᠠᠭᠤ ᠶᠠᠭᠤ ᠪᠠᠶᠢᠬᠤ ᠪᠣᠶ︖ ᠬᠠᠷᠢᠭᠤᠯᠲᠠ᠄ ᠨᠢᠭᠡ ᠳᠤ᠂ ᠵᠢᠩᠬᠢᠨᠢ ᠠᠩᠭᠢ ᠲᠤᠰᠬᠠᠢ ᠮᠡᠷᠭᠡᠵᠢᠯ ᠤᠨ | ᠠᠩᠭᠢ ᠶᠢᠨ ᠰᠣᠷᠣᠭᠴᠢᠳ ᠢ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭ᠎ᠠ ᠶᠢ ᠳᠠᠬᠢᠨ ᠢᠶᠠᠷ ᠨᠡᠮᠡᠭᠳᠡᠭᠦᠯᠵᠦ᠂ ᠱᠠᠩᠨᠠᠬᠤ | ᠪᠠᠷᠢᠮᠵᠢᠶ᠎ᠠ ᠶᠢ ᠴᠤ ᠳᠡᠭᠡᠭᠰᠢᠯᠡᠭᠦᠯᠪᠡ᠃ 2024 ᠣᠨ ᠠᠴᠠ ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠢ ᠤᠯᠤᠰ ᠤᠨ | ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭ᠎ᠠ ᠶᠢ ᠵᠢᠯ ᠪᠦᠷᠢ 6 ᠲᠦᠮᠡᠨ ᠬᠥᠮᠥᠨ ᠪᠠᠶᠢᠭᠰᠠᠨ ᠠᠴᠠ ᠨᠡᠮᠡᠭᠳᠡᠭᠦᠯᠦᠭᠡᠳ 12 ᠲᠦᠮᠡᠨ ᠬᠥᠮᠥᠨ | ᠪᠣᠯᠭᠠᠵᠤ᠂ ᠱᠠᠩᠨᠠᠯ ᠤᠨ ᠪᠠᠷᠢᠮᠵᠢᠶ᠎ᠠ ᠶᠢ ᠰᠣᠷᠣᠭᠴᠢ ᠨᠢᠵᠡᠭᠡᠳ ᠲᠤ ᠵᠢᠯ ᠪᠦᠷᠢ 8000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 10000 | ᠲᠥᠭᠦᠷᠢᠭ ᠣᠯᠭᠤᠬᠤ ᠪᠣᠯᠭᠠᠵᠠᠢ᠃ ᠬᠤᠶᠠᠷ ᠲᠤ ᠰᠤᠳᠤᠯᠬᠤ ᠰᠣᠷᠣᠭᠴᠢᠳ ᠢ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ | ᠲᠤᠭ᠎ᠠ ᠶᠢ ᠳᠠᠬᠢᠨ ᠢᠶᠠᠷ ᠨᠡᠮᠡᠭᠳᠡᠭᠦᠯᠪᠡ᠃ 2024 ᠣᠨ ᠠᠴᠠ ᠡᠬᠢᠯᠡᠨ᠂ ᠰᠤᠳᠤᠯᠬᠤ ᠰᠣᠷᠣᠭᠴᠢᠳ ᠢ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ | ᠱᠠᠩᠨᠠᠬᠤ ᠣᠷᠣᠨ ᠲᠤᠭ᠎ᠠ ᠶᠢ ᠵᠢᠯ ᠪᠦᠷᠢ 4.5 ᠲᠦᠮᠡᠨ ᠬᠥᠮᠥᠨ ᠪᠠᠶᠢᠭᠰᠠᠨ ᠠᠴᠠ ᠨᠡᠮᠡᠭᠳᠡᠭᠦᠯᠦᠭᠡᠳ 9 ᠲᠦᠮᠡᠨ ᠬᠥᠮᠥᠨ ᠪᠣᠯᠭᠠᠵᠠᠢ᠂ ᠡᠭᠦᠨ ᠳᠤ ᠠᠰᠫᠢᠷᠠᠨᠲ ᠢ | 3.5 ᠲᠦᠮᠡᠨ ᠬᠥᠮᠥᠨ ᠪᠠᠶᠢᠭᠰᠠᠨ ᠠᠴᠠ ᠨᠡᠮᠡᠭᠳᠡᠭᠦᠯᠦᠭᠡᠳ 7 ᠲᠦᠮᠡᠨ ᠬᠥᠮᠥᠨ᠂ ᠳ᠋ᠣᠺᠲ᠋ᠣᠷᠠᠨᠲ ᠢ 1 ᠲᠦᠮᠡᠨ ᠬᠥᠮᠥᠨ ᠪᠠᠶᠢᠭᠰᠠᠨ ᠠᠴᠠ ᠨᠡᠮᠡᠭᠳᠡᠭᠦᠯᠦᠭᠡᠳ 2 | ᠲᠦᠮᠡᠨ ᠬᠥᠮᠥᠨ ᠪᠣᠯᠭᠠᠭᠰᠠᠨ ᠪᠠᠶᠢᠨ᠎ᠠ᠃ ᠭᠤᠷᠪᠠ ᠳᠤ ᠳᠡᠭᠡᠳᠦ ᠵᠡᠷᠭᠡ ᠶᠢᠨ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠢ ᠤᠯᠤᠰ ᠤᠨ | ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ 2024 ᠣᠨ ᠠᠴᠠ ᠡᠬᠢᠯᠡᠨ᠂ ᠵᠢᠩᠬᠢᠨᠢ | ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠢ ᠤᠯᠤᠰ ᠤᠨ ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ | ᠪᠠᠷᠢᠮᠵᠢᠶ᠎ᠠ ᠶᠢ ᠰᠣᠷᠣᠭᠴᠢ ᠨᠢᠵᠡᠭᠡᠳ ᠲᠤ ᠵᠢᠯ ᠪᠦᠷᠢ 5000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 6000 ᠲᠥᠭᠦᠷᠢᠭ ᠣᠯᠭᠤᠬᠤ | ᠪᠣᠯᠭᠠᠵᠠᠢ᠃ ᠳᠥᠷᠪᠡ ᠳᠤ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢᠳ ᠢ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠪᠠᠷ | ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠵᠢᠩᠬᠢᠨᠢ ᠠᠩᠭᠢ | ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ︵ᠪᠡᠯᠡᠳᠬᠡᠯ ᠠᠩᠭᠢ ᠶᠢᠨ ᠰᠣᠷᠣᠭᠴᠢ ᠢ ᠪᠠᠭᠲᠠᠭᠠᠨ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠠᠨ | ᠪᠠᠶᠢᠯᠳᠤᠭᠴᠢ ᠰᠣᠷᠣᠭᠴᠢ ᠢ ᠪᠠᠭᠲᠠᠭᠠᠬᠤ ᠦᠭᠡᠢ︶ ᠢ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠳᠤᠮᠳᠠᠴᠢ ᠪᠠᠷᠢᠮᠵᠢᠶ᠎ᠠ ᠶᠢ | ᠰᠣᠷᠣᠭᠴᠢ ᠨᠢᠵᠡᠭᠡᠳ ᠲᠤ ᠵᠢᠯ ᠪᠦᠷᠢ 3300 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 3700 ᠲᠥᠭᠦᠷᠢᠭ ᠣᠯᠭᠤᠬᠤ ᠪᠣᠯᠭᠠᠪᠠ᠂ ᠪᠣᠳᠠᠲᠠᠢ | ᠪᠠᠷᠢᠮᠵᠢᠶ᠎ᠠ ᠶᠢ ᠰᠣᠷᠣᠭᠴᠢ ᠨᠢᠵᠡᠭᠡᠳ ᠲᠤ ᠵᠢᠯ ᠪᠦᠷᠢ 2500 ᠠᠴᠠ 5000 ᠲᠥᠭᠦᠷᠢᠭ ᠤᠨ ᠬᠡᠪᠴᠢᠶᠡᠨ ᠳᠣᠲᠣᠷ᠎ᠠ ᠶᠡᠭᠡ ᠳᠡᠭᠡᠳᠦ ᠰᠤᠷᠭᠠᠭᠤᠯᠢ ᠨᠤᠭᠤᠳ | ᠥᠪᠡᠰᠦᠪᠡᠨ ᠲᠣᠭᠲᠠᠭᠠᠬᠤ ᠪᠥᠭᠡᠳ 2 ᠠᠴᠠ 3 ᠲᠠᠰ ᠬᠤᠪᠢᠶᠠᠵᠤ ᠪᠣᠯᠣᠨ᠎ᠠ᠃ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠴᠡᠷᠢᠭ ᠤᠨ | ᠠᠯᠪᠠᠨ ᠠᠴᠠ ᠬᠠᠯᠠᠭᠳᠠᠭᠰᠠᠨ ᠪᠠᠶᠢᠯᠳᠤᠭᠴᠢ ᠰᠣᠷᠣᠭᠴᠢᠳ ᠴᠥᠮ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠲᠤ ᠣᠯᠭᠤᠬᠤ | ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠶᠢ ᠬᠦᠷᠲᠡᠨ᠎ᠡ᠂ ᠲᠤᠰᠠᠯᠠᠬᠤ ᠪᠠᠷᠢᠮᠵᠢᠶ᠎ᠠ ᠶᠢ ᠰᠣᠷᠣᠭᠴᠢ ᠨᠢᠵᠡᠭᠡᠳ ᠲᠤ ᠵᠢᠯ ᠪᠦᠷᠢ 3300 ᠲᠥᠭᠦᠷᠢᠭ | ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 3700 ᠲᠥᠭᠦᠷᠢᠭ ᠣᠯᠭᠤᠬᠤ ᠪᠣᠯᠭᠠᠪᠠ᠃ ᠲᠠᠪᠤ ᠳᠤ ᠰᠤᠳᠤᠯᠬᠤ ᠰᠣᠷᠣᠭᠴᠢᠳ ᠢ ᠰᠤᠷᠤᠯᠭ᠎ᠠ ᠶᠢᠨ ᠱᠠᠩᠨᠠᠯ ᠤᠨ | ᠮᠥᠩᠭᠦ ᠪᠠᠷ ᠳᠡᠮᠵᠢᠬᠦ ᠪᠠᠷᠢᠮᠵᠢᠶ᠎ᠠ ᠶᠢ ᠳᠡᠭᠡᠭᠰᠢᠯᠡᠭᠦᠯᠪᠡ᠃ 2025 ᠣᠨ ᠠᠴᠠ ᠡᠬᠢᠯᠡᠨ᠂ ᠲᠥᠪ ᠤᠨ ᠰᠢᠭᠤᠳ ᠬᠠᠷᠢᠶᠠᠲᠤ ᠶᠡᠭᠡ ᠳᠡᠭᠡᠳᠦ | ᠰᠤᠷᠭᠠᠭᠤᠯᠢ ᠨᠤᠭᠤᠳ ᠤᠨ ᠰᠤᠳᠤᠯᠬᠤ ᠰᠣᠷᠣᠭᠴᠢᠳ ᠲᠤ ᠣᠯᠭᠤᠬᠤ ᠰᠤᠷᠤᠯᠭ᠎ᠠ ᠶᠢᠨ ᠱᠠᠩᠨᠠᠯ ᠤᠨ ᠮᠥᠩᠭᠦ ᠳᠠᠬᠢ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠪᠡ᠂ ᠡᠭᠦᠨ ᠳᠤ᠄ ᠠᠰᠫᠢᠷᠠᠨᠲ ᠨᠢᠵᠡᠭᠡᠳ ᠲᠤ ᠵᠢᠯ ᠪᠦᠷᠢ 8000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ | 10000 ᠲᠥᠭᠦᠷᠢᠭ᠂ ᠳ᠋ᠣᠺᠲ᠋ᠣᠷᠠᠨᠲ ᠨᠢᠵᠡᠭᠡᠳ ᠲᠤ ᠵᠢᠯ ᠪᠦᠷᠢ 10000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 12000 ᠲᠥᠭᠦᠷᠢᠭ | ᠣᠯᠭᠤᠬᠤ ᠪᠣᠯᠭᠠᠪᠠ᠃ ᠲᠥᠪ ᠤᠨ ᠰᠢᠭᠤᠳ ᠬᠠᠷᠢᠶᠠᠲᠤ ᠶᠡᠭᠡ ᠳᠡᠭᠡᠳᠦ ᠰᠤᠷᠭᠠᠭᠤᠯᠢ ᠨᠤᠭᠤᠳ ᠰᠤᠳᠤᠯᠬᠤ ᠰᠣᠷᠣᠭᠴᠢᠳ ᠤᠨ ᠰᠤᠷᠤᠯᠭ᠎ᠠ ᠶᠢᠨ ᠬᠢᠷᠢ ᠪᠦᠲᠦᠮᠵᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ᠂ ᠨᠡᠶᠢᠭᠡᠮ ᠤᠨ ᠦᠢᠯᠡᠴᠢᠯᠡᠭᠡ ᠵᠡᠷᠭᠡ ᠬᠦᠴᠦᠨ ᠵᠦᠢᠯ ᠢ ᠦᠨᠳᠦᠰᠦᠯᠡᠨ᠂ ᠠᠰᠫᠢᠷᠠᠨᠲ ᠤᠨ | ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠬᠠᠮᠤᠷᠬᠤ ᠬᠡᠪᠴᠢᠶ᠎ᠡ᠂ ᠵᠡᠷᠭᠡ ᠲᠠᠰ᠂ ᠱᠠᠩᠨᠠᠯ ᠤᠨ ᠪᠠᠷᠢᠮᠵᠢᠶ᠎ᠠ ᠶᠢ ᠳᠣᠭᠲᠠᠭᠠᠨ᠎ᠠ᠂ ᠱᠠᠩᠨᠠᠯ ᠤᠨ ᠪᠠᠷᠢᠮᠵᠢᠶ᠎ᠠ ᠶᠢ ᠲᠠᠰ | ᠬᠤᠪᠢᠶᠠᠨ ᠲᠣᠭᠲᠠᠭᠠᠵᠤ ᠪᠣᠯᠣᠨ᠎ᠠ᠂ ᠲᠡᠭᠡᠬᠦ ᠳᠤ ᠪᠠᠨ ᠠᠰᠫᠢᠷᠠᠨᠲ ᠨᠢᠵᠡᠭᠡᠳ ᠲᠤ ᠵᠢᠯ ᠪᠦᠷᠢ 20000 ᠲᠥᠭᠦᠷᠢᠭ᠂ ᠳ᠋ᠣᠺᠲ᠋ᠣᠷᠠᠨᠲ ᠨᠢᠵᠡᠭᠡᠳ ᠲᠤ ᠵᠢᠯ ᠪᠦᠷᠢ | 30000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠰᠤᠳᠤᠯᠬᠤ ᠰᠣᠷᠣᠭᠴᠢᠳ ᠢ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ | ᠲᠤᠭ᠎ᠠ ᠶᠢᠨ ᠬᠤᠪᠢᠶᠠᠷᠢᠯᠠᠯᠲᠠ ᠶᠢ ᠰᠠᠭᠤᠷᠢ ᠰᠢᠨᠵᠢᠯᠡᠭᠡᠨ ᠤ ᠰᠠᠯᠠᠭ᠎ᠠ ᠪᠠ ᠤᠯᠤᠰ ᠤᠨ ᠪᠠᠴᠢᠮ ᠱᠠᠭᠠᠷᠳᠠᠭᠳᠠᠬᠤ ᠰᠢᠨᠵᠢᠯᠡᠭᠡᠨ ᠤ ᠰᠠᠯᠠᠭ᠎ᠠ ︵ᠲᠤᠰᠬᠠᠢ ᠮᠡᠷᠭᠡᠵᠢᠯ᠂ | ᠴᠢᠭᠯᠡᠯ︶ ᠲᠡᠶᠢᠰᠢ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ᠂ ᠪᠠᠴᠢᠮ ᠱᠠᠭᠠᠷᠳᠠᠭᠳᠠᠬᠤ ᠪᠠ ᠳᠤᠲᠠᠭᠳᠠᠵᠤ ᠪᠠᠶᠢᠭ᠎ᠠ ᠴᠢᠳᠠᠪᠤᠷᠢᠲᠠᠨ ᠲᠡᠶᠢᠰᠢ᠂ ᠡᠷᠳᠡᠮ | ᠰᠢᠨᠵᠢᠯᠡᠭᠡᠨ ᠤ ᠬᠡᠯᠪᠡᠷᠢ ᠶᠢᠨ ᠰᠤᠳᠤᠯᠬᠤ ᠰᠣᠷᠣᠭᠴᠢ ᠲᠡᠶᠢᠰᠢ ᠬᠡᠯᠪᠠᠶᠢᠯᠭᠡᠬᠦ ᠬᠡᠷᠡᠭᠲᠡᠢ᠃ ᠳᠥᠷᠪᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠤ ᠭᠤᠣᠯ ᠠᠭᠤᠯᠭ᠎ᠠ ᠨᠢ ᠶᠠᠭᠤ ᠶᠠᠭᠤ ᠪᠠᠶᠢᠬᠤ ᠪᠣᠶ︖ | ᠬᠠᠷᠢᠭᠤᠯᠲᠠ᠄ ᠨᠢᠭᠡ ᠳᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢᠳ ᠲᠤ ᠣᠯᠭᠤᠬᠤ ᠤᠯᠤᠰ ᠤᠨ ᠰᠤᠷᠤᠯᠭ᠎ᠠ ᠶᠢᠨ | ᠳᠡᠳᠬᠦᠪᠦᠷᠢ ᠶᠢᠨ ᠮᠥᠩᠭᠦᠨ ᠤ ᠪᠠᠷᠢᠮᠵᠢᠶ᠎ᠠ ᠶᠢ ᠳᠡᠭᠡᠭᠰᠢᠯᠡᠭᠦᠯᠪᠡ᠃ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢᠳ ᠲᠤ ᠣᠯᠭᠤᠬᠤ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠶᠢᠨ ᠳᠤᠮᠳᠠᠴᠢ | ᠲᠤᠰᠠᠯᠠᠬᠤ ᠪᠠᠷᠢᠮᠵᠢᠶ᠎ᠠ ᠶᠢ ᠰᠣᠷᠣᠭᠴᠢ ᠨᠢᠵᠡᠭᠡᠳ ᠲᠤ ᠵᠢᠯ ᠪᠦᠷᠢ 2000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 2300 ᠲᠥᠭᠦᠷᠢᠭ | ᠣᠯᠭᠤᠬᠤ ᠪᠣᠯᠭᠠᠪᠠ᠂ ᠪᠣᠳᠠᠲᠠᠢ ᠪᠠᠷᠢᠮᠵᠢᠶ᠎ᠠ ᠶᠢ ᠡᠯ᠎ᠡ ᠭᠠᠵᠠᠷ ᠤᠨ ᠬᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ 1200 ᠠᠴᠠ 3500 ᠲᠥᠭᠦᠷᠢᠭ ᠤᠨ | ᠬᠡᠪᠴᠢᠶᠡᠨ ᠳᠤ ᠲᠣᠭᠲᠠᠭᠠᠬᠤ ᠪᠥᠭᠡᠳ 2 ᠠᠴᠠ 3 ᠲᠠᠰ ᠬᠤᠪᠢᠶᠠᠵᠤ ᠪᠣᠯᠣᠨ᠎ᠠ᠃ ᠬᠤᠶᠠᠷ ᠲᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠣᠷᠣᠭᠴᠢᠳ ᠲᠤ ᠣᠯᠭᠤᠬᠤ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠲᠤᠰᠠᠯᠠᠬᠤ ᠪᠠᠷᠢᠮᠵᠢᠶ᠎ᠠ ᠶᠢ | ᠳᠡᠭᠡᠭᠰᠢᠯᠡᠭᠦᠯᠪᠡ᠃ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠤᠯᠭ᠎ᠠ ᠶᠢᠨ ᠬᠠᠷᠢᠶ᠎ᠠ ᠪᠦᠬᠦᠢ | ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠮᠥᠷᠲᠡᠭᠡᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠲᠠᠢ ᠰᠣᠷᠣᠭᠴᠢᠳ ᠬᠢᠭᠡᠳ ᠲᠠᠷᠢᠶᠠᠯᠠᠩ ᠳᠤ | ᠡᠰᠡ ᠬᠤᠯᠪᠣᠭᠳᠠᠬᠤ ᠲᠤᠰᠬᠠᠢ ᠮᠡᠷᠭᠡᠵᠢᠯ ᠲᠠᠢ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢᠳ ᠢ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ | ᠮᠥᠩᠭᠦ ᠪᠠᠷ ᠲᠤᠰᠠᠯᠠᠬᠤ ᠬᠡᠪᠴᠢᠶᠡᠨ ᠣᠷᠣᠭᠤᠯᠤᠨ᠎ᠠ᠃ ᠯᠢᠦ ᠫᠠᠨ ᠱᠠᠨ ᠠᠭᠤᠯᠠᠷᠬᠠᠭ ᠣᠷᠣᠨ ᠵᠡᠷᠭᠡ ᠤᠤᠯ ᠤᠨ ᠵᠠᠯᠭᠠᠯᠳᠤᠭᠰᠠᠨ ᠣᠨᠴᠠ ᠬᠦᠴᠢᠷᠳᠡᠯᠲᠡᠢ 11 | ᠭᠠᠵᠠᠷ ᠣᠷᠣᠨ ᠪᠠ ᠲᠥᠪᠡᠳ ᠤᠨ ᠥᠪᠡᠷᠲᠡᠭᠡᠨ ᠵᠠᠰᠠᠬᠤ ᠣᠷᠣᠨ᠂ ᠰᠧᠴᠤᠸᠠᠨ ᠶᠦᠨᠨᠠᠨ ᠭᠠᠨᠰᠤ ᠬᠥᠬᠡᠨᠠᠭᠤᠷ ᠳᠥᠷᠪᠡᠨ ᠮᠤᠵᠢ ᠶᠢᠨ ᠲᠥᠪᠡᠳ ᠦᠨᠳᠦᠰᠦᠲᠡᠨ | ᠬᠢᠭᠡᠳ ᠪᠤᠰᠤᠳ ᠦᠨᠳᠦᠰᠦᠲᠡᠨ ᠤ ᠬᠠᠮᠲᠤ ᠪᠠᠷ ᠰᠠᠭᠤᠷᠢᠰᠢᠵᠤ ᠪᠠᠶᠢᠭ᠎ᠠ ᠥᠪᠡᠷᠲᠡᠭᠡᠨ ᠵᠠᠰᠠᠬᠤ ᠵᠧᠦ ᠰᠢᠶᠠᠨ᠂ ᠰᠢᠨᠵᠢᠶᠠᠩ ᠤᠨ ᠡᠮᠦᠨᠡᠲᠦ ᠬᠡᠰᠡᠭ ᠤᠨ ᠳᠦᠷᠪᠡᠨ | ᠲᠤᠰᠬᠠᠢ ᠣᠷᠣᠨ ᠤ ᠳᠡᠰ ᠤᠨ ᠣᠷᠣᠨ ᠵᠧᠦ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠤᠷᠪᠠᠳᠤᠭᠠᠷ ᠣᠨ ᠤ ᠬᠥᠳᠡᠭᠡ ᠲᠣᠰᠬᠤᠨ ᠠᠴᠠ | ᠢᠷᠡᠯᠲᠡᠢ ᠰᠣᠷᠣᠭᠴᠢᠳ ︵ᠰᠢᠶᠠᠨ ᠤ ᠬᠤᠲᠠ ᠶᠢ ᠪᠠᠭᠲᠠᠭᠠᠬᠤ ᠦᠭᠡᠢ︶ ᠢ ᠴᠥᠮ ᠤᠯᠤᠰ ᠤᠨ ᠰᠤᠷᠤᠯᠭ᠎ᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ | ᠬᠡᠪᠴᠢᠶᠡᠨ ᠳᠤ ᠣᠷᠣᠭᠤᠯᠪᠠ᠃ ᠡᠳ᠋ ᠮᠥᠩᠭᠦ ᠪᠠᠷ ᠲᠤᠰᠠᠯᠠᠬᠤ ᠳᠤᠮᠳᠠᠴᠢ ᠪᠠᠷᠢᠮᠵᠢᠶ᠎ᠠ ᠶᠢ ᠰᠣᠷᠣᠭᠴᠢ ᠨᠢᠵᠡᠭᠡᠳ ᠲᠤ ᠵᠢᠯ ᠪᠦᠷᠢ 2000 ᠲᠥᠭᠦᠷᠢᠭ ᠣᠯᠭᠤᠳᠠᠭ | ᠪᠠᠶᠢᠭᠰᠠᠨ ᠠᠴᠠ ᠨᠡᠮᠡᠭᠳᠡᠭᠦᠯᠦᠭᠡᠳ 2300 ᠲᠥᠭᠦᠷᠢᠭ ᠣᠯᠭᠤᠬᠤ ᠪᠣᠯᠭᠠᠵᠠᠢ᠂ ᠪᠣᠳᠠᠲᠠᠢ ᠪᠠᠷᠢᠮᠵᠢᠶ᠎ᠠ ᠶᠢ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ 1200 ᠠᠴᠠ 3500 ᠲᠥᠭᠦᠷᠢᠭ ᠤᠨ ᠬᠡᠪᠴᠢᠶᠡᠨ ᠳᠣᠲᠣᠷ᠎ᠠ ᠳᠣᠭᠲᠠᠭᠠᠬᠤ ᠪᠥᠭᠡᠳ 2 ᠠᠴᠠ 3 ᠲᠠᠰ ᠬᠤᠪᠢᠶᠠᠵᠤ ᠪᠣᠯᠣᠨ᠎ᠠ᠃ ᠲᠠᠪᠤ᠂ ︽ | ᠮᠡᠳᠡᠭᠳᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠨ ᠬᠡᠷᠬᠢᠨ ᠪᠠᠲᠤᠯᠠᠬᠤ ᠪᠤᠢ︖ ᠬᠠᠷᠢᠭᠤᠯᠲᠠ᠄ ᠰᠢᠨ᠎ᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ ᠨᠢ ᠰᠤᠷᠭᠠᠨ ᠬᠥᠮᠦᠵᠢᠯ ᠤᠨ ᠶᠠᠮᠤᠨ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠳᠥᠷᠪᠡᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠥᠷᠨᠢᠭᠦᠯᠬᠦ ᠪᠣᠯᠣᠨ᠎ᠠ᠄ ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠡᠳ᠋ ᠤᠨ ᠵᠠᠰᠠᠭ᠂ ᠰᠤᠷᠭᠠᠨ | ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠷᠭᠠᠭᠤᠯᠢ ᠨᠤᠭᠤᠳ ᠤᠨ | ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠬᠤ ᠶᠢ ᠨᠢ ᠠᠬᠢᠭᠤᠯᠵᠤ᠂ ᠡᠨᠡ ᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠠᠵᠢᠯ ᠢ | ᠴᠠᠭ ᠲᠤᠬᠠᠢ ᠳᠤ ᠨᠢ ᠲᠦᠯᠬᠢᠨ ᠠᠬᠢᠭᠤᠯᠵᠤ᠂ ᠲᠣᠰ ᠭᠠᠵᠠᠷ ᠣᠷᠣᠨ ᠲᠣᠰ ᠰᠤᠷᠭᠠᠭᠤᠯᠢ ᠶᠢᠨ ᠢᠶᠠᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ | ᠳᠡᠳᠬᠦᠪᠦᠷᠢ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠨ᠂ 2024 ᠣᠨ ᠳᠠᠬᠢ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ | ᠱᠠᠩᠨᠠᠬᠤ ᠣᠷᠣᠨ ᠲᠤᠭ᠎ᠠ ᠶᠢ ᠨᠡᠮᠡᠵᠦ ᠨᠥᠬᠦᠪᠦᠷᠢᠯᠡᠬᠦ ᠪᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠣᠯᠭᠤᠬᠤ ᠠᠵᠢᠯ ᠢ ᠦᠨᠡᠨ ᠬᠦ ᠰᠠᠶᠢᠲᠤᠷ | ᠬᠢᠨ᠎ᠡ᠃ ᠬᠤᠶᠠᠷ ᠲᠤ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠬᠡᠷᠡᠭᠰᠡᠬᠦ | ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠠᠷᠭ᠎ᠠ ᠵᠠᠮ ᠪᠠ ᠬᠤᠪᠢᠳᠠᠨ | ᠡᠭᠦᠷᠭᠡᠯᠡᠬᠦ ᠠᠷᠭ᠎ᠠ ᠮᠠᠶ᠋ᠢᠭ ᠢᠶᠠᠷ ᠦᠷᠭᠦᠯᠵᠢᠯᠡᠨ ᠬᠠᠮᠲᠤ ᠳᠤ ᠪᠠᠨ ᠡᠭᠦᠷᠭᠡᠯᠡᠨ᠎ᠡ᠃ ᠭᠤᠷᠪᠠᠨ ᠰᠠᠯᠠᠭ᠎ᠠ ᠮᠥᠴᠢᠷ ᠠᠴᠠ ᠡᠯ᠎ᠡ ᠭᠠᠵᠠᠷ ᠤᠨ ᠬᠢᠨ ᠤ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠨ ᠳᠣᠬᠢᠷᠠᠭᠤᠯᠬᠤ ᠶᠢ ᠰᠢᠮᠳᠠᠭᠤᠯᠵᠤ ᠂ ᠲᠥᠰᠥᠪ ᠢ ᠴᠠᠭ ᠲᠤᠬᠠᠢ ᠳᠤ ᠨᠢ ᠪᠠᠭᠤᠯᠭᠠᠨ᠂ ᠪᠡᠯᠡ ᠮᠥᠩᠭᠦ ᠶᠢ ᠬᠡᠷᠡᠭᠯᠡᠭᠰᠡᠨ ᠪᠠ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠨ᠎ᠡ᠃ ᠭᠤᠷᠪᠠ ᠳᠤ ᠪᠣᠯᠪᠠᠰᠤᠷᠠᠭᠤᠯᠬᠤ ᠵᠢᠭᠠᠨ ᠵᠢᠯᠤᠭᠤᠳᠬᠤ ᠶᠢ ᠴᠢᠩᠭᠠᠳᠬᠠᠨ᠎ᠠ᠃ | ᠪᠥᠬᠦ ᠤᠯᠤᠰ ᠤᠨ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠲᠥᠪ ᠪᠠ ᠪᠥᠬᠦ ᠤᠯᠤᠰ ᠤᠨ ᠮᠡᠷᠭᠡᠵᠢᠯ ᠤᠨ ᠠᠵᠢᠯᠴᠢᠨ ᠤ ᠳᠡᠭᠡᠳᠦ | ᠰᠤᠷᠭᠠᠭᠤᠯᠢ ᠨᠤᠭᠤᠳ ᠤᠨ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠠᠴᠠ ᠡᠯ᠎ᠡ ᠭᠠᠵᠠᠷ ᠡᠯ᠎ᠡ ᠰᠤᠷᠭᠠᠭᠤᠯᠢ ᠳᠤ | ᠬᠠᠨᠳᠤᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠢ ᠪᠣᠯᠪᠠᠰᠤᠷᠠᠯ ᠬᠢᠬᠦ ᠠᠷᠭ᠎ᠠ | ᠵᠠᠮ ᠢ ᠥᠷᠭᠡᠳᠬᠡᠨ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠨᠠᠷᠢᠯᠢᠭ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠤᠨ | ᠪᠣᠲᠠᠲᠠᠶᠢᠵᠢᠭᠤᠯᠬᠤ ᠶᠢ ᠪᠠᠲᠤᠯᠠᠨ᠎ᠠ᠃ ᠳᠥᠷᠪᠡ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢ ᠤᠬᠠᠭᠤᠯᠬᠤ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠭᠤᠣᠯ ᠵᠠᠭᠤᠴᠢᠯᠠᠭᠤᠷ᠂ ᠫᠤᠷᠲ᠋ᠧᠯ ᠰᠦᠯᠵᠢᠶ᠎ᠡ᠂ ᠸᠢᠴᠠᠲ ᠣᠯᠠᠨ ᠨᠡᠶᠢᠲᠠ ᠶᠢᠨ ᠲᠠᠪᠴᠠᠩ ᠵᠡᠷᠭᠡ ᠣᠯᠠᠨ ᠠᠷᠭ᠎ᠠ ᠵᠠᠮ ᠢᠶᠠᠷ | ᠤᠬᠠᠭᠤᠯᠤᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠪᠠᠷ ᠥᠷᠭᠡᠨ ᠣᠯᠠᠨ ᠰᠣᠷᠣᠭᠴᠢᠳ ᠲᠤ ᠳᠠᠷᠦ᠋ᠢᠬᠠᠨ ᠠᠰᠢᠭ ᠬᠦᠷᠲᠡᠭᠡᠨ᠂ ᠰᠣᠷᠣᠭᠴᠢᠳ ᠢ ᠡᠳ᠋ | ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠪᠠᠷ ᠬᠦᠴᠢᠷᠳᠡᠯᠲᠡᠢ ᠶᠢ ᠲᠤᠰᠠᠯᠠᠬᠤ᠂ ᠰᠢᠯᠢᠳᠡᠭ ᠢ ᠱᠠᠩᠨᠠᠬᠤ᠂ ᠬᠥᠲᠥᠯᠥᠨ ᠵᠢᠯᠤᠭᠤᠳᠬᠤ᠂ ᠬᠥᠮᠥᠨ | ᠬᠥᠮᠥᠵᠢᠭᠦᠯᠬᠦ ᠴᠢᠳᠠᠮᠵᠢ ᠶᠢ ᠨᠢ ᠦᠨᠡᠨ ᠬᠦ ᠰᠠᠶᠢᠲᠤᠷ ᠪᠠᠳᠠᠷᠠᠭᠤᠯᠤᠨ᠎ᠠ᠃ |