| | ︵AAAA︶ ᠳᠡᠰ ᠤᠨ ᠪᠠᠷᠭᠤ ᠮᠣᠩᠭᠤᠯ ᠠᠶᠢᠮᠠᠭ ᠤᠨ ᠦᠵᠡᠮᠵᠢᠲᠦ ᠣᠷᠣᠨ ᠪᠣᠯ 301 ᠤᠯᠤᠰ ᠤᠨ ᠵᠠᠮ ᠪᠣᠯᠣᠨ ᠮᠠᠨᠵᠤᠤᠷ ᠠᠴᠠ ᠡᠷᠭᠦᠨ᠎ᠡ ᠬᠦᠷᠬᠦ | ᠵᠠᠰᠠᠮᠠᠯ ᠵᠠᠮ ᠤᠨ ᠠᠭᠤᠯᠵᠠᠷ ᠲᠤ ᠪᠠᠶᠢᠷᠢᠯᠠᠵᠤ᠂ ᠬᠥᠯᠥᠨ ᠪᠤᠶᠢᠷ ᠬᠤᠲᠠ ᠶᠢᠨ ᠭᠠᠭᠴᠠ ᠬᠦ ᠪᠦᠬᠦ ᠲᠠᠯ᠎ᠠ ᠶᠢᠨ᠂ ᠣᠯᠠᠨ ᠬᠠᠷᠠᠭᠠᠰᠤ ᠠᠴᠠ ᠪᠠᠷᠭᠤ ᠮᠣᠩᠭᠤᠯ | ᠦᠨᠳᠦᠰᠦᠲᠡᠨ ᠤ ᠰᠣᠶᠣᠯ᠂ ᠠᠷᠠᠳ ᠤᠨ ᠳᠠᠳᠬᠠᠯ᠂ ᠵᠠᠩ ᠦᠢᠯᠡ ᠶᠢ ᠢᠯᠡᠷᠡᠭᠦᠯᠦᠭᠰᠡᠨ ᠵᠢᠭᠤᠯᠴᠢᠯᠠᠯ ᠤᠨ ᠦᠵᠡᠮᠵᠢᠲᠦ ᠣᠷᠣᠨ ᠪᠣᠯᠣᠨ᠎ᠠ᠃ ᠪᠦᠬᠦ ᠦᠵᠡᠮᠵᠢᠲᠦ | ᠣᠷᠣᠨ ᠨᠢ ᠭᠤᠣᠯ ᠲᠣᠭᠤᠷᠢᠭ᠂ ᠦᠨᠳᠦᠰᠦᠲᠡᠨ ᠤ ᠤᠷᠤᠯᠳᠤᠭᠠᠨ ᠤ ᠦᠵᠡᠭᠦᠯᠦᠯᠭᠡ ᠶᠢᠨ ᠣᠷᠣᠨ᠂ ᠦᠨᠳᠦᠰᠦᠲᠡᠨ ᠤ ᠨᠠᠶᠢᠷ ᠨᠠᠭᠠᠳᠤᠮ ᠤᠨ ᠬᠥᠳᠡᠯᠭᠡᠭᠡᠨ ᠤ | ᠣᠷᠣᠨ᠂ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ ᠶᠢᠨ ᠣᠷᠣᠨ᠂ ᠮᠠᠯᠴᠢᠳ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠣᠷᠣᠨ ᠭᠡᠵᠦ ᠬᠤᠪᠢᠶᠠᠵᠤ᠂ | ᠪᠦᠬᠦ᠋ᠢᠯᠡ ᠴᠣᠭᠴᠠ᠂ ᠣᠯᠠᠨ ᠲᠠᠯ᠎ᠠ ᠠᠴᠠ ᠮᠣᠩᠭᠤᠯ ᠦᠨᠳᠦᠰᠦᠲᠡᠨ ᠤ ᠥᠷᠭᠡᠨ ᠳᠡᠯᠭᠡᠷ ᠰᠣᠳᠣᠨ ᠰᠣᠶᠣᠯ ᠢ ᠲᠠ ᠣᠯᠠᠨ ᠳᠠᠭᠠᠨ ᠳᠡᠯᠭᠡᠨ ᠦᠵᠡᠭᠦᠯᠵᠦ ᠪᠠᠶᠢᠨ᠎ᠠ᠃ | | | | ᠠᠳᠡ ︽ᠠᠮᠢᠨ ᠬᠤᠯᠪᠣᠭ᠎ᠠ ᠲᠠᠢ ᠪᠠᠷᠭᠤ ᠨᠤᠲᠤᠭ︾ ᠬᠢᠬᠦ ᠲᠣᠮᠣ ᠬᠡᠯᠪᠡᠷᠢ ᠶᠢᠨ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ ᠶᠢ ᠰᠣᠨᠢᠷᠬᠠᠵᠤ᠂ ᠪᠠᠰᠠ | ᠵᠣᠴᠢᠨ ᠤᠭᠲᠤᠬᠤ ᠮᠣᠷᠢᠲᠤ ᠡᠩᠨᠡᠭᠡ ᠳᠤ ᠣᠷᠣᠯᠴᠠᠵᠤ ᠪᠣᠯᠣᠨ᠎ᠠ᠂ ᠵᠣᠴᠢᠨ ᠤᠭᠲᠤᠬᠤ ᠠᠷᠢᠬᠢ ᠡᠷᠭᠦᠬᠦ᠂ ᠣᠪᠣᠭ᠎ᠠ ᠳᠠᠬᠢᠬᠤ᠂ ᠤᠯᠠᠮᠵᠢᠯᠠᠯᠲᠤ ᠬᠤᠨᠢ ᠡᠳ᠋ᠰᠢᠭᠦᠯᠬᠦ | ᠦᠵᠡᠭᠦᠯᠦᠯᠭᠡ᠂ ᠪᠦᠬᠦᠯᠢ ᠬᠤᠨᠢᠨ ᠰᠢᠭᠦᠰᠦ ᠶᠢᠨ ᠲᠠᠨᠢᠯᠴᠠᠭᠤᠯᠭ᠎ᠠ᠂ ᠮᠣᠷᠢ ᠤᠨᠠᠬᠤ᠂ ᠮᠣᠷᠢ ᠤᠷᠭᠠᠯᠠᠬᠤ᠂ ᠡᠮᠨᠢᠭ ᠰᠤᠷᠭᠠᠬᠤ᠂ ᠮᠣᠷᠢ ᠤᠷᠤᠯᠳᠤᠬᠤ᠂ ᠪᠥᠬᠡ | ᠪᠠᠷᠢᠯᠳᠤᠬᠤ᠂ ᠨᠤᠮᠤ ᠰᠤᠮᠤ ᠬᠠᠷᠪᠤᠬᠤ᠂ ᠮᠢᠷᠭᠠᠨ ᠲᠡᠷᠭᠡ᠂ ᠬᠠᠩᠭᠠᠢ ᠲᠡᠷᠭᠡᠨ ᠳᠤ ᠰᠠᠭᠤᠬᠤ᠂ ᠲᠡᠮᠡᠭᠡ ᠤᠨᠤᠵᠤ ᠵᠤᠭᠠᠴᠠᠬᠤ᠂ ᠺᠠᠷᠲ᠋ᠢᠩ ᠲᠡᠷᠭᠡ ᠨᠠᠭᠠᠳᠬᠤ᠂ ᠲᠠᠯ᠎ᠠ | ᠳᠡᠭᠡᠷ᠎ᠡ ᠬᠥᠯ ᠪᠥᠮᠪᠦᠭᠡ ᠢᠰᠬᠦᠯᠬᠦ᠂ ᠴᠠᠭᠠᠰᠤᠨ ᠰᠢᠪᠠᠭᠤ ᠨᠢᠰᠬᠡᠬᠦ᠂ ᠦᠨᠳᠦᠰᠦᠲᠡᠨ ᠤ ᠬᠤᠪᠴᠠᠰᠤ ᠡᠮᠦᠰᠴᠦ ᠵᠢᠷᠤᠭ ᠰᠡᠭᠦᠳᠡᠷ ᠲᠠᠲᠠᠬᠤ᠂ ᠮᠠᠯᠵᠢᠬᠤ | ᠡᠷᠦᠬᠡ ᠪᠠᠷ ᠠᠶᠢᠯᠴᠢᠯᠠᠬᠤ᠂ ᠮᠠᠯᠴᠢᠳ ᠲᠠᠢ ᠬᠠᠮᠲᠤ ᠰᠦ ᠲᠠᠢ ᠴᠠᠢ ᠴᠢᠨᠠᠬᠤ᠂ ᠴᠠᠭᠠᠨ ᠢᠳᠡᠭᠡᠨ ᠬᠢᠬᠦ᠂ ᠪᠣᠷᠴᠠ ᠬᠢᠬᠦ ᠶᠠᠪᠤᠴᠠ ᠶᠢ ᠲᠣᠭᠤᠷᠢᠨ ᠦᠵᠡᠬᠦ᠂ ᠭᠡᠷ ᠤᠨ | ᠭᠠᠳᠠᠨᠠᠬᠢ ᠪᠠᠭᠠᠵᠢ ᠬᠡᠷᠡᠭᠯᠡᠭᠦᠷ ᠲᠣᠭᠤᠷᠢᠭ ᠲᠤ ᠭᠡᠷ ᠤᠨ ᠭᠠᠳᠠᠨᠠᠬᠢ ᠥᠷᠭᠡᠳᠬᠡᠭᠰᠡᠨ ᠪᠣᠯᠪᠠᠰᠤᠷᠠᠯ ᠬᠢᠬᠦ᠂ ᠲᠠᠯ᠎ᠠ ᠳᠡᠭᠡᠷ᠎ᠡ ᠳᠡᠭᠦᠵᠢᠩ ᠨᠠᠭᠠᠳᠬᠤ ᠵᠡᠷᠭᠡ ᠬᠥᠳᠡᠯᠭᠡᠭᠡᠨ | ᠶᠠᠪᠤᠭᠳᠠᠭᠤᠯᠬᠤ᠂ ᠮᠣᠩᠭᠤᠯ ᠤᠨ ᠭᠠᠷᠵᠢ ᠨᠣᠬᠠᠢ ᠶᠢᠨ ᠬᠦᠷᠢᠶᠡᠯᠡᠩ᠂ ᠴᠢᠨ᠋ᠸ᠎ᠠ ᠶᠢᠨ ᠬᠦᠷᠢᠶᠡᠯᠡᠩ᠂ ᠲᠤᠭᠤᠯ ᠤᠨ ᠬᠠᠰᠢᠶ᠎ᠠ᠂ ᠬᠤᠷᠠᠭ᠎ᠠ ᠶᠢᠨ ᠬᠠᠰᠢᠶ᠎ᠠ ᠶᠢ ᠲᠣᠭᠤᠷᠢᠨ | ᠦᠵᠡᠵᠦ᠂ ᠰᠢ ᠶᠠᠩ ᠶᠠᠩ ᠡᠾᠸᠢ ᠲᠠᠢ ᠯᠠᠩ ᠤᠨ ᠬᠡᠦᠬᠡᠯᠳᠡᠢ ᠶᠢᠨ ᠲᠣᠭᠯᠠᠯᠲᠠ ᠶᠢ ᠰᠣᠨᠢᠷᠬᠠᠬᠤ᠂ ᠰᠢ ᠶᠠᠩ ᠶᠠᠩ ᠬᠡᠦᠬᠡᠯᠳᠡᠢ ᠶᠢᠨ ᠬᠤᠪᠴᠠᠰᠤ ᠶᠢ ᠡᠮᠦᠰᠴᠦ | ᠲᠠᠯ᠎ᠠ ᠶᠢᠨ ᠴᠢᠨ᠋ᠸ᠎ᠠ ᠲᠠᠢ ᠵᠢᠷᠤᠭ ᠰᠡᠭᠦᠳᠡᠷᠯᠡᠬᠦ ᠵᠡᠷᠭᠡ ᠵᠠᠩ ᠦᠢᠯᠡ ᠶᠢ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠲᠣᠭᠤᠷᠢᠨ ᠦᠵᠡᠨ᠎ᠡ᠃ ᠦᠳᠡᠰᠢ ᠨᠢ ᠲᠦᠳᠡᠭ | ᠭᠠᠯ ᠤᠨ ᠦᠳᠡᠰᠢᠯᠡᠭᠡ ᠳᠤ ᠣᠷᠣᠯᠴᠠᠵᠤ᠂ ᠬᠥᠯᠥᠨ ᠪᠤᠶᠢᠷ ᠤᠨ ᠳᠦᠷᠪᠡᠨ ᠴᠥᠭᠡᠨ ᠲᠣᠭᠠᠲᠤ ᠦᠨᠳᠦᠰᠦᠲᠡᠨ ᠤ ᠬᠠᠮᠲᠤ ᠶᠢᠨ ᠪᠥᠵᠢᠭ ᠢ ᠪᠥᠵᠢᠭᠯᠡᠨ᠎ᠡ᠃ | | | |