ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ  ᠬᠤᠷᠠᠯᠳᠣᠪᠠ
ᠨᠡᠶᠢᠲᠡᠯᠡᠭᠰᠡᠨ ᠴᠠᠭ᠄
2024/11/18
    10 ᠳ᠋ᠤᠭᠠᠷ ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠾᠧ ᠰᠢᠤᠸᠠᠢ ᠭᠤᠸᠠᠩ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠬᠤᠷᠠᠯ ᠳᠡᠭᠡᠷᠡᠬᠢ ᠴᠢᠬᠤᠯᠠ ᠶᠠᠷᠢᠶ᠎ᠠ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ︵2024- 2035︶︾ ᠵᠡᠷᠭᠡ ᠵᠥᠪᠯᠡᠬᠦ ᠰᠡᠳᠦᠪ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ 75 ᠵᠢᠯ ᠤᠨ ᠲᠤᠷᠰᠢᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠠᠭᠤᠤ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠭᠡᠬᠦ ᠡᠨᠡᠬᠦ ᠤᠷᠢᠳ ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠢ ᠲᠠᠰᠤᠷᠠᠯᠲᠠ ᠦᠭᠡᠢ ᠤᠷᠤᠭᠰᠢᠯᠠᠬᠤ ᠳᠤ ᠵᠢᠷᠤᠮᠯᠠᠯ ᠬᠠᠩᠭᠠᠵᠠᠢ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠯᠤᠰ ᠢᠶᠠᠨ ᠬᠠᠶᠢᠷᠠᠯᠠᠬᠤ ᠦᠵᠡᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠠᠢ ᠤᠶᠠᠯᠳᠤᠭᠤᠯᠵᠤ᠂ ︽ᠤᠶᠠᠯᠳᠤᠭᠤᠯᠬᠤ︾ ᠪᠠ ︽ᠠᠭᠤᠰᠤᠯᠴᠠᠭᠤᠯᠬᠤ︾ ᠳᠦᠷᠢᠮ ᠤᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠡᠭᠦᠷᠭᠡ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠶᠢ ᠡᠷᠬᠢᠮᠯᠡᠬᠦ᠂ ᠪᠦᠷᠢᠨ ᠪᠦᠲᠦᠨ ᠪᠢᠲᠡᠭᠦᠦ ᠴᠠᠭᠠᠷᠢᠭ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠲᠦᠷᠭᠡᠨ ᠪᠦᠷᠢᠯᠳᠦᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾ ᠵᠢᠴᠢ ︽ᠳᠤᠯᠤᠭ᠎ᠠ ᠶᠢ ᠵᠢᠱᠢᠶᠡᠴᠢ︾ ᠵᠡᠷᠭᠡ ᠣᠶᠢᠯᠠᠭᠠᠭᠳᠠᠬᠤᠨ ᠤ ᠱᠠᠭᠠᠷᠳᠠᠯᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠠᠵᠢᠯᠯᠠᠭ᠎ᠠ ᠪᠠ ᠰᠡᠳᠬᠢᠴᠡ ᠶᠢᠨ ᠳᠣᠲᠣᠷ᠎ᠠ ᠨᠡᠩ ᠰᠠᠶᠢᠲᠤᠷ ᠰᠢᠩᠭᠡᠭᠡᠬᠦ ᠬᠡᠷᠡᠭᠲᠡᠢ᠃ ᠨᠠᠮᠤᠷ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠩᠬᠠᠷᠴᠤ᠂ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠶᠢ ᠴᠠᠭ ᠲᠤᠬᠠᠢ ᠳᠤᠨᠢ ᠬᠤᠷᠢᠶᠠᠨ ᠨᠥᠭᠡᠴᠡᠯᠡᠬᠦ᠂ ᠮᠥᠬᠦᠯᠢᠭ ᠢ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠨᠠᠮᠤᠷ ᠤᠨ ᠭᠠᠵᠠᠷ ᠲᠡᠭᠰᠢᠯᠡᠬᠦ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠵᠡᠷᠭᠡ ᠠᠵᠢᠯ ᠢ ᠵᠡᠷᠭᠡ ᠪᠠᠷ ᠠᠬᠢᠭᠤᠯᠵᠤ᠂ ᠢᠷᠡᠬᠦ ᠵᠢᠯ ᠤᠨ ᠬᠠᠪᠤᠷ ᠤᠨ ᠲᠠᠷᠢᠶᠠᠯᠠᠭ᠎ᠠ ᠳᠤ ᠰᠠᠶᠢᠲᠤᠷ ᠰᠠᠭᠤᠷᠢ ᠲᠠᠯᠪᠢᠵᠤ᠂ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ