ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/18
20241104092454876efw6as[1].jpg
    11 ᠰᠠᠷ᠎ᠠ ᠶᠢᠨ 1 ᠤ ᠡᠳᠦᠷ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠤᠯᠢ︾ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ᠂ ︽ᠬᠥᠯᠥᠨ ᠪᠤᠶᠢᠷ ᠬᠤᠲᠠ ᠶᠢᠨ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠪᠡ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠪᠡ᠃    ︽ᠥᠪᠥᠷ ᠣᠩᠭᠤᠯ ᠤᠨ ᠶᠢᠨ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠢᠴᠠᠭᠠᠬᠤ ᠺᠣᠮᠢᠰ ᠤᠨ ᠪᠦᠷᠢᠯᠳᠦᠬᠦᠨ ᠨᠠᠷ ᠤᠨ ᠲᠤᠬᠠᠢ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠤᠨ ᠲᠠᠷᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠤᠪᠢᠰᠬᠠᠯ ᠤᠨ ᠺᠢᠨᠣ᠋ ︽ᠬᠢᠩᠭᠠᠨ ᠳᠠᠪᠠᠭ᠎ᠠ ᠳᠡᠭᠡᠷᠡᠬᠢ︾ ᠶᠢ ᠰᠣᠨᠢᠷᠬᠠᠪᠠ᠃
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ