ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠣᠶᠢᠷ᠎ᠠ ᠳᠤ ᠨᠢᠭᠡ ᠪᠦᠯᠦᠭ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠮᠡᠷᠭᠡᠵᠢᠯ ᠤᠨ ᠳᠡᠮᠵᠢᠯᠭᠡ ᠶᠢᠨ ᠨᠡᠶᠢᠲᠡᠯᠢᠭ | ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠡᠳᠡᠭᠡᠷ ᠨᠡᠶᠢᠲᠡᠯᠢᠭ ᠬᠡᠷᠡᠭ ᠤᠨ ᠵᠢᠱᠢᠶ᠎ᠡ ᠠᠴᠠ ᠦᠵᠡᠪᠡᠯ ᠵᠢᠯᠣᠭᠤᠴᠢ ᠦᠭᠡᠢ ᠨᠢᠰᠬᠡᠯ᠂ ᠳᠠᠭᠠᠭᠤᠯᠢ ᠣᠳᠣᠨ ᠤ ᠠᠯᠤᠰ | ᠰᠡᠷᠡᠯ ᠵᠡᠷᠭᠡ ᠮᠡᠷᠭᠡᠵᠢᠯ ᠢ ᠬᠡᠷᠡᠭᠯᠡᠨ ᠪᠠᠶᠢᠴᠠᠭᠠᠯᠲᠠ ᠬᠢᠵᠦ ᠭᠡᠷᠡᠴᠢ ᠠᠪᠬᠤ ᠳᠤ ᠬᠠᠪᠰᠤᠷᠤᠮᠵᠢ ᠦᠵᠡᠭᠦᠯᠭᠦ ᠠᠴᠠ ᠠᠪᠤᠭᠠᠳ᠂ ᠲᠦᠷᠭᠡᠨᠪᠠᠶᠢᠴᠠᠭᠠᠨ ᠬᠡᠮᠵᠢᠬᠦ᠂ | ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠵᠡᠷᠭᠡ ᠠᠷᠭ᠎ᠠ ᠪᠠᠷᠢᠯ ᠢ ᠠᠰᠢᠭᠯᠠᠨ᠂ ᠬᠡᠷᠡᠭ ᠲᠤ ᠬᠤᠯᠪᠣᠭᠳᠠᠭᠰᠠᠨ ᠦᠢᠯᠡᠳᠬᠦᠨ ᠳᠤ ᠬᠠᠨᠳᠤᠯᠭᠠᠲᠤ | ᠴᠢᠨᠠᠷᠲᠠᠢ ᠵᠠᠳᠠᠯᠤᠯᠲᠠ ᠬᠢᠵᠦ᠂ ᠪᠠᠶᠢᠴᠠᠭᠠᠬᠤ ᠮᠡᠷᠭᠡᠵᠢᠯ ᠬᠢᠭᠡᠳ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠶᠢ ᠭᠦᠨᠵᠡᠭᠡᠢ ᠠᠭᠤᠰᠤᠯᠴᠠᠭᠤᠯᠵᠠᠢ᠃ | ᠶᠠᠭᠤ ᠶᠢ ᠨᠡᠶᠢᠲᠡ ᠶᠢᠨ ᠠᠰᠠᠷᠠᠮᠵᠢ ᠶᠢᠨ ᠵᠠᠷᠭᠤ ᠭᠡᠬᠦ ᠪᠤᠢ︖ ︽ᠨᠡᠶᠢᠲᠡ ᠶᠢᠨ ᠠᠰᠠᠷᠠᠮᠵᠢ︾ ᠭᠡᠳᠡᠭ ᠨᠢ ᠦᠷᠭᠦᠯᠵᠢ ᠣᠯᠠᠨ ᠨᠡᠶᠢᠲᠡ ᠶᠢᠨ ᠠᠰᠢᠭ ᠲᠤᠰᠠ ᠶᠢ | ᠲᠥᠯᠥᠭᠡᠯᠡᠳᠡᠭ᠂ ᠪᠢᠳᠡᠨ ᠤ ᠡᠳᠦᠷ ᠲᠤᠳᠤᠮ ᠤᠨ ᠠᠮᠢᠳᠤᠷᠠᠯ ᠤᠨ ᠳᠤᠮᠳᠠᠬᠢ ᠤᠰᠤ᠂ ᠠᠭᠠᠷ᠂ ᠤᠯᠤᠰ ᠤᠨ ᠥᠮᠴᠢᠯᠡᠯᠲᠦ ᠡᠳ᠋ ᠬᠥᠷᠥᠩᠭᠡ ᠵᠡᠷᠭᠡ ᠨᠢ ᠴᠥᠮ ︽ | ᠨᠡᠶᠢᠲᠡ ᠵᠢᠨᠠᠰᠠᠷᠠᠮᠵᠢ︾ ᠳᠤ ᠬᠤᠯᠪᠣᠭᠳᠠᠵᠤ ᠪᠠᠶᠢᠳᠠᠭ᠃ | ᠨᠡᠶᠢᠲᠡ ᠶᠢᠨ ᠠᠰᠠᠷᠠᠮᠵᠢ ᠶᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠲᠦᠷᠦ ᠶᠢᠨ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠠᠴᠠ | ᠠᠷᠠᠳ ᠤᠨ ᠰᠢᠭᠦᠬᠦ ᠬᠤᠷᠢᠶ᠎ᠠ ᠳᠤ ᠵᠠᠷᠭᠤ ᠬᠢᠬᠦ ᠪᠣᠯ ᠨᠡᠶᠢᠲᠡ ᠶᠢᠨ ᠠᠰᠠᠷᠠᠮᠵᠢ ᠶᠢᠨ ᠵᠠᠷᠭᠤ ᠪᠣᠯᠣᠨ᠎ᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠨᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠵᠢᠭᠦᠷᠯᠡᠵᠦ ᠪᠠᠶᠢᠬᠤ ᠶᠢ ᠶᠠᠭᠤᠨ ᠳᠤ ᠣᠨᠴᠠᠯᠠᠨ ᠳᠤᠷᠠᠳᠬᠤ ᠶᠣᠰᠣᠲᠠᠢ ᠪᠤᠢ︖ ᠲᠣᠰ ᠤᠳᠠᠭ᠎ᠠ ᠨᠡᠶᠢᠲᠡᠯᠡᠭᠰᠡᠨ ᠨᠡᠶᠢᠲᠡᠯᠢᠭ | ᠬᠡᠷᠡᠭ ᠤᠨ ᠵᠢᠱᠢᠶ᠎ᠡ ᠠᠴᠠ ᠦᠵᠡᠪᠡᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠨᠢ ᠬᠡᠷᠡᠭ ᠰᠢᠢᠳᠪᠦᠷᠢᠯᠡᠬᠦ ᠳᠤ ᠲᠦᠭᠦᠮ ᠦᠵᠡᠭᠦᠯᠦᠨ᠂ᠬᠡᠷᠡᠭ ᠤᠨ ᠰᠦᠪᠡᠭᠴᠢ ᠶᠢ | ᠵᠢᠭᠰᠠᠭᠠᠨ ᠪᠠᠶᠢᠴᠠᠭᠠᠬᠤ᠂ ᠪᠠᠶᠢᠴᠠᠭᠠᠵᠤ ᠭᠡᠷᠡᠴᠢ ᠠᠪᠬᠤ ᠵᠡᠷᠭᠡ ᠲᠠᠯ᠎ᠠ ᠪᠠᠷ ᠶᠡᠬᠡᠬᠡᠨ ᠲᠤᠰᠠ ᠪᠣᠯᠵᠠᠢ᠃ ᠵᠢᠱᠢᠶᠡᠯᠡᠪᠡᠯ ᠤᠰᠤᠨ ᠤ ᠪᠣᠬᠢᠷᠳᠤᠯ ᠳᠤ ᠴᠢᠭᠯᠡᠭᠦᠯᠦᠨ᠂ | ᠪᠠᠶᠢᠴᠠᠭᠠᠬᠤ ᠪᠠᠶᠢᠭᠤᠯᠭ᠎ᠠ ᠳᠠᠭᠠᠭᠤᠯᠢ ᠤᠳᠤᠨ ᠤ ᠠᠯᠤᠰ ᠰᠡᠷᠡᠯ ᠤᠨ ᠮᠡᠷᠭᠡᠵᠢᠯ ᠢ ᠬᠡᠷᠡᠭᠯᠡᠨ ᠪᠣᠬᠢᠷᠳᠤᠯ ᠲᠠᠢ ᠣᠷᠣᠨ ᠪᠦᠰᠡ ᠶᠢ ᠣᠨᠣᠪᠴᠢᠲᠠᠢ ᠲᠣᠭᠲᠠᠭᠠᠵᠤ᠂ | ᠤᠰᠤᠨ ᠳᠠᠬᠢ ᠪᠣᠬᠢᠷᠳᠤᠯ ᠪᠣᠳᠠᠰ ᠤᠨ ᠥᠳᠬᠡᠴᠡ ᠶᠢ ᠰᠢᠯᠭᠠᠨ ᠪᠠᠶᠢᠴᠠᠭᠠᠵᠤ᠂ ᠳᠠᠭᠠᠭᠤᠯᠢ ᠤᠳᠤᠨ ᠤ ᠠᠯᠤᠰ ᠰᠡᠷᠡᠯ ᠤᠨ ᠲᠤᠭ᠎ᠠ ᠪᠠᠷᠢᠮᠲᠠ ᠲᠠᠢ ᠬᠠᠷᠢᠯᠴᠠᠨ | ᠭᠡᠷᠡᠴᠢᠯᠡᠵᠦ᠂ ᠨᠡᠯᠢᠶᠡᠳ ᠴᠢᠩᠭ᠎ᠠ ᠭᠡᠷᠡᠴᠢ ᠪᠠᠷᠢᠮᠲᠠ ᠶᠢᠨ ᠬᠡᠯᠬᠢᠶ᠎ᠡ ᠶᠢ ᠪᠥᠷᠢᠯᠳᠦᠭᠦᠯᠳᠡᠭ᠃ ᠡᠳᠡᠭᠡᠷ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠷᠭ᠎ᠠᠪᠠᠷᠢᠯ ᠢ | ᠬᠡᠷᠡᠭᠯᠡᠭᠰᠡᠨ ᠶᠠᠪᠤᠳᠠᠯ ᠨᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠤᠨ ᠬᠢᠨᠠᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠶᠡᠭᠡ ᠪᠠᠷ ᠳᠡᠭᠡᠭᠰᠢᠯᠡᠭᠦᠯᠪᠡ᠃ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠠᠶᠢᠳᠠᠭ᠃ ᠡᠨᠡ ᠬᠦ | ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠬᠠᠤᠯᠢ ᠶᠠᠪᠤᠭᠤᠯᠬᠤ ᠶᠢᠨ ᠴᠢᠳᠠᠮᠠᠭᠠᠢ ᠴᠢᠨᠠᠷ ᠢ ᠭᠦᠢᠴᠡᠳ ᠪᠠᠳᠠᠷᠠᠭᠤᠯᠵᠤ᠂ ᠬᠡᠷᠡᠭ ᠤᠨ ᠰᠦᠪᠡᠭᠴᠢ ᠶᠢ | ᠰᠠᠨᠠᠭᠠᠴᠢᠯᠠᠭ᠎ᠠ ᠠᠴᠠ ᠪᠠᠨ ᠢᠯᠡᠷᠡᠭᠦᠯᠦᠨ ᠴᠤᠭᠯᠠᠭᠤᠯᠵᠤ᠂ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠭᠡᠷᠡᠴᠢ ᠠᠪᠬᠤ ᠳᠤ ᠪᠠᠶᠢᠳᠠᠭ᠃ ᠭᠡᠪᠡᠴᠦᠪᠣᠳᠠᠲᠤ ᠠᠬᠤᠢ ᠶᠢᠨ | ᠳᠤᠮᠳᠠ᠂ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠤᠴᠢᠷ ᠶᠠᠪᠤᠳᠠᠯ ᠮᠠᠰᠢ ᠤᠯᠠᠨ ᠪᠠᠶᠢᠵᠤ᠂ ᠠᠮᠢ ᠠᠬᠤᠢ ᠶᠢᠨ ᠬᠤᠬᠢᠷᠠᠯ ᠢ ᠲᠥᠯᠥᠬᠦ᠂ ᠢᠳᠡᠭᠡᠨ | ᠪᠠ ᠡᠮ ᠤᠨ ᠵᠦᠢᠯᠡᠰ ᠤᠨ ᠠᠮᠤᠷ ᠲᠦᠪᠰᠢᠨ ᠭᠡᠰᠡᠨ ᠦᠭᠡᠢ ᠴᠥᠮ ᠰᠢᠢᠳᠪᠦᠷᠢᠯᠡᠬᠦ ᠳᠤ ᠮᠠᠰᠢ ᠬᠦᠴᠢᠷᠲᠡᠢ ᠪᠠᠶᠢᠳᠠᠭ᠃ ᠡᠳᠡᠭᠡᠷ ᠬᠦᠴᠢᠷ ᠠᠰᠠᠭᠤᠳᠠᠯ ᠢ | ᠰᠢᠢᠳᠪᠦᠷᠢᠯᠡᠬᠦ ᠳᠤ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠢ ᠤᠶᠠᠨ ᠬᠠᠳᠠᠨ ᠢᠶᠠᠷ ᠬᠡᠷᠡᠭᠯᠡᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠬᠦᠴᠦᠨ | ᠣᠯᠭᠤᠪᠠᠯ ᠪᠠᠭ᠎ᠠ ᠬᠦᠴᠦ ᠣᠷᠣᠭᠤᠯᠤᠭᠠᠳ ᠶᠡᠭᠡ ᠠᠮᠵᠢᠯᠲᠠ ᠣᠯᠵᠤ ᠴᠢᠳᠠᠨ᠎ᠠ᠃ | ᠡᠯ᠎ᠡ ᠭᠠᠵᠠᠷ ᠤᠨ ᠬᠢᠨ ᠬᠡᠷᠡᠭ ᠤᠨ ᠵᠢᠱᠢᠶ᠎ᠡ ᠪᠠᠷ ᠲᠣᠭᠢᠶᠠᠯ ᠪᠤᠯᠭᠠᠵᠤ᠂ ᠦᠢᠯᠡᠳᠦᠯᠭᠡ ᠵᠢᠨᠲ᠋ᠤᠷᠰᠢᠯᠭᠠ ᠶᠢ ᠭᠦᠨᠵᠡᠭᠡᠢ ᠳ᠋ᠦᠩᠨᠡᠵᠦ᠂ ᠰᠠᠶᠢᠨ ᠮᠡᠷᠭᠡᠵᠢᠯ᠂ ᠰᠠᠶᠢᠨ | ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠶᠤᠰᠤᠳᠠᠢ ;ᠵᠢᠱᠢᠶᠡᠯᠡᠪᠡᠯ ᠬᠡᠷᠬᠢᠨ ᠮᠡᠷᠭᠡᠵᠢᠯ ᠢᠶᠠᠷ ᠬᠠᠪᠰᠤᠷᠤᠮᠵᠢ ᠪᠣᠯᠭᠠᠨ ᠪᠠᠶᠢᠴᠠᠭᠠᠵᠤ ᠭᠡᠷᠡᠴᠢ ᠠᠪᠬᠤ ᠵᠡᠷᠭᠡ ᠪᠣᠯᠣᠨ᠎ᠠ᠃ | ᠶᠠᠭᠤ ᠴᠦ ᠭᠡᠰᠡᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠤᠯᠢ ᠪᠠᠷ ᠵᠠᠰᠠᠬᠤ ᠶᠠᠪᠤᠴᠠ ᠳᠠᠬᠢ ᠬᠡᠷᠡᠭᠯᠡᠭᠡᠨ ᠤ ᠪᠠᠶᠢᠳᠠᠯ ᠢ ᠲᠠᠰᠤᠷᠠᠯᠳᠠ ᠦᠭᠡᠢ ᠥᠷᠭᠡᠳᠬᠡᠵᠦ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ︽ᠲᠤᠰᠠᠯᠠᠨ ᠲᠠᠭᠠᠷᠢᠬᠤ︾ ᠦᠢᠯᠡᠳᠦᠯ ᠢ ᠭᠦᠢᠴᠡᠳ ᠪᠠᠳᠠᠷᠠᠭᠤᠯᠪᠠᠯ᠂ ᠬᠠᠤᠯᠢ ᠪᠠᠷ ᠵᠠᠰᠠᠬᠤ ᠶᠢᠨ ᠴᠢᠨᠠᠷ | ᠴᠢᠨᠰᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ ᠴᠢᠳᠠᠬᠤ ᠶᠤᠮ᠃ | |