ᠲᠣᠭᠠᠴᠢᠯᠠᠭᠰᠠᠨ ᠠᠵᠤ ᠠᠬᠤᠢ ᠪᠣᠯ ᠳ᠋ᠠᠶᠢᠲ᠋ᠠ ᠶᠢᠨ ᠡᠬᠢ ᠪᠠᠶᠠᠯᠢᠭ ᠢᠶᠠᠷ ᠵᠠᠩᠭᠢᠯᠠᠭ᠎ᠠ ᠶᠢᠨ ᠡᠯᠧᠮᠧᠨ᠋ᠲ ᠪᠤᠯᠭᠠᠵᠤ᠂ ᠤᠳᠤ ᠦᠶ᠎ᠡ ᠶᠢᠨ ᠮᠡᠳᠡᠭᠡ ᠵᠠᠩᠭᠢ ᠶᠢᠨ | ᠰᠦᠯᠵᠢᠶ᠎ᠡ ᠪᠠᠷ ᠭᠤᠣᠯ ᠠᠴᠢᠶᠠᠯᠠᠪᠤᠷᠢ ᠪᠤᠯᠭᠠᠵᠤ᠂ ᠮᠡᠳᠡᠭᠡ ᠵᠠᠩᠭᠢ ᠴᠢᠮᠡᠭᠡ ᠬᠤᠯᠪᠤᠭ᠎ᠠ ᠶᠢᠨ ᠮᠡᠷᠭᠡᠵᠢᠯ ᠢ ᠠᠭᠤᠰᠤᠯᠴᠠᠭᠤᠯᠤᠨ ᠬᠡᠷᠡᠭᠯᠡᠵᠦ᠂ ᠪᠦᠭᠦ ᠡᠯᠧᠮᠧᠨ᠋ᠲ ᠤᠨ | ᠲᠣᠭᠠᠴᠢᠯᠠᠯᠲᠠ ᠪᠠᠷ ᠴᠢᠬᠤᠯᠠ ᠠᠬᠢᠭᠤᠯᠬᠤ ᠬᠦᠴᠦᠨ ᠪᠤᠯᠭᠠᠬᠰᠠᠨ ᠰᠢᠨ᠎ᠡ ᠠᠵᠤ ᠠᠬᠤᠢ ᠶᠢᠨ ᠭᠡᠯᠪᠡᠷᠢ ᠪᠣᠯᠣᠨ᠎ᠠ᠃ ᠣᠶᠢᠷ᠎ᠠ ᠶᠢᠨ ᠵᠢᠯ ᠠᠴᠠ᠂ ᠲᠣᠭᠠᠴᠢᠯᠠᠭᠰᠠᠨ | ᠠᠵᠤ ᠠᠬᠤᠢ ᠵᠢᠨᠬᠥ᠋ᠭᠵᠢᠯᠲᠡ ᠶᠢᠨ ᠬᠤᠷᠳᠤᠴᠠ ᠲᠦᠷᠭᠡᠨ᠂ ᠨᠡᠪᠴᠢᠯᠲᠡ ᠶᠢᠨ ᠬᠡᠪᠴᠢᠶ᠎ᠡ ᠥᠷᠭᠡᠨ᠂ ᠨᠥᠯᠥᠭᠡᠯᠡᠯ ᠤᠨ ᠬᠡᠮᠵᠢᠶ᠎ᠡ ᠤᠷᠢᠳ ᠡᠮᠦᠨ᠎ᠡ ᠪᠠᠶᠢᠭ᠎ᠠ ᠦᠭᠡᠢ | ᠭᠦᠨᠵᠡᠭᠡᠶᠢᠷᠡᠵᠦ᠂ ᠪᠦᠭᠦ ᠪᠥᠮᠪᠥᠷᠴᠡᠭ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠲᠠᠭᠢᠨ ᠪᠠᠶᠢᠭᠤᠯᠬᠤ᠂ ᠪᠦᠭᠦ ᠪᠥᠮᠪᠥᠷᠴᠡᠭ ᠤᠨ ᠠᠵᠤ ᠠᠬᠤᠢ ᠶᠢᠨ | ᠪᠦᠲᠦᠴᠡ ᠶᠢ ᠲᠠᠭᠢᠨ ᠪᠠᠶᠢᠭᠤᠯᠬᠤ᠂ ᠪᠦᠭᠦ ᠪᠥᠮᠪᠥᠷᠴᠡᠭ ᠤᠨ ᠥᠷᠢᠰᠦᠯᠳᠦᠭᠡᠨ ᠤ ᠪᠠᠶᠢᠷᠢᠰᠢᠯ ᠢ ᠬᠤᠪᠢᠷᠠᠭᠤᠯᠬᠤ ᠵᠠᠩᠭᠢᠯᠠᠭ᠎ᠠ ᠶᠢᠨ ᠬᠦᠴᠦᠨ ᠪᠣᠯᠵᠤ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠰᠢᠨ᠎ᠡ ᠠᠵᠠ ᠲᠣᠭᠢᠶᠠᠯ ᠢ ᠡᠵᠡᠮᠳᠡᠬᠦ | ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ︾ ᠭᠡᠵᠦ ᠵᠢᠭᠠᠵᠤ ᠭᠠᠷᠭᠠᠪᠠ᠃ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ | ᠢᠯᠡᠳᠲᠡ ᠦᠷ᠎ᠡ ᠪᠦᠲᠦᠮᠵᠢ ᠣᠯᠵᠤ᠂ ᠶᠡᠷᠦᠩᠬᠡᠢ ᠬᠡᠪᠴᠢᠶ᠎ᠡ ᠨᠢ ᠣᠯᠠᠨ ᠵᠢᠯ ᠳᠠᠷᠠᠭᠠᠯᠠᠨ ᠳᠡᠯᠡᠬᠡᠢ ᠶᠢᠨ ᠬᠤᠶᠠᠳᠤᠭᠠᠷ ᠲᠤ ᠣᠷᠣᠵᠤ᠂ ᠭᠤᠣᠯᠯᠠᠬᠤ ᠠᠵᠤ | ᠦᠢᠯᠡᠰ ᠤᠨ ᠬᠡᠪᠴᠢᠶ᠎ᠡ ᠲᠦᠷᠭᠡᠨ ᠨᠡᠮᠡᠭᠳᠡᠵᠦ᠂ ᠨᠢᠭᠡᠨᠲᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠳᠤ ︽ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ︾ ᠭᠡᠵᠦ ᠳᠤᠷᠠᠳᠤᠭᠰᠠᠨ ᠪᠥᠭᠡᠳ ᠴᠢᠬᠤᠯᠠ ᠪᠠᠶᠢᠷᠢᠯᠠᠭᠤᠯᠤᠯᠲᠠ ᠬᠢᠵᠦ᠂ | ᠲᠣᠭᠠᠴᠢᠯᠠᠭᠰᠠᠨ ᠠᠵᠤ ᠠᠬᠤᠢ ᠶᠢᠨ ᠴᠢᠨᠠᠭᠰᠢᠳᠠ ᠶᠢᠨ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠲᠣᠭᠠᠴᠢᠯᠠᠭᠰᠠᠨ ᠠᠵᠤ | ᠠᠬᠤᠢ ᠶᠢ ᠬᠥᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ | ᠡᠷᠡᠭᠦᠯ ᠵᠶ᠋ᠠᠷᠬᠥ᠋ᠭᠵᠢᠬᠦ ᠶᠢ ᠠᠬᠢᠭᠤᠯᠬᠤ ᠬᠡᠷᠡᠭᠲᠡᠢ᠃ | ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠨᠢ ᠡᠬᠢ ᠪᠠᠶᠠᠯᠢᠭ ᠤᠨ ᠡᠯᠧᠮᠧᠨ᠋ᠲ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ | ᠠᠰᠢᠭᠲᠠᠢ᠃ ᠲᠣᠭᠠᠴᠢᠯᠠᠭᠰᠠᠨ ᠠᠵᠤ ᠠᠬᠤᠢ ᠨᠢ ᠡᠯ᠎ᠡ ᠲᠥᠷᠥᠯ ᠤᠨ ᠡᠬᠢ ᠪᠠᠶᠠᠯᠢᠭ ᠤᠨ ᠡᠯᠧᠮᠧᠨ᠋ᠲ ᠤᠨ ᠲᠦᠷᠭᠡᠨ ᠰᠢᠯᠵᠢᠯᠲᠡ᠂ ᠡᠯ᠎ᠡ ᠲᠥᠷᠥᠯ ᠤᠨ | ᠡᠵᠡᠩᠨᠡᠯᠲᠡ ᠶᠢᠨ ᠭᠤᠣᠯ ᠴᠣᠭᠴᠠ ᠶᠢᠨ ᠲᠦᠷᠭᠡᠨ ᠠᠭᠤᠰᠤᠯᠴᠠᠯ ᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠵᠣᠬᠢᠶᠠᠨ | ᠪᠠᠶᠢᠭᠤᠯᠤᠯᠲᠠ ᠶᠢᠨ ᠵᠠᠭᠪᠤᠷ ᠢ ᠳᠠᠭᠢᠨ ᠪᠠᠶᠢᠭᠤᠯᠵᠤ᠂ ᠴᠠᠭ ᠪᠠ ᠣᠷᠣᠨ ᠵᠠᠢ ᠶᠢᠨ ᠬᠢᠵᠠᠭᠠᠷᠯᠠᠯ ᠢ ᠡᠪᠳᠡᠵᠦ᠂ ᠬᠢᠯᠢ ᠠᠯᠤᠰᠯᠠᠨ ᠬᠥᠭᠵᠢᠬᠦ ᠶᠢ ᠪᠡᠶᠡᠯᠡᠭᠦᠯᠵᠦ᠂ ᠡᠬᠢ | ᠪᠠᠶᠠᠯᠢᠭ ᠤᠨᠡᠯᠧᠮᠧᠨ᠋ᠲ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠶᠤᠮ᠃ ᠵᠢᠱᠢᠶᠡᠯᠡᠪᠡᠯ᠂ ᠶᠡᠭᠡ | ᠬᠡᠮᠵᠢᠶᠡᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠰᠢᠢᠳᠪᠦᠷᠢᠯᠡᠬᠦ ᠪᠠ ᠵᠠᠳᠠᠯᠬᠤ ᠨᠢ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠭᠦᠢᠴᠡᠳ ᠢᠯᠡᠷᠡᠭᠦᠯᠵᠦ᠂ ᠡᠬᠢ | ᠪᠠᠶᠠᠯᠢᠭ ᠢ ᠨᠠᠷᠢᠯᠢᠭ ᠣᠨᠣᠴᠠᠲᠠᠢ ᠲᠣᠬᠢᠷᠠᠭᠤᠯᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠶᠢ ᠠᠬᠢᠭᠤᠯᠬᠤ ᠶᠢᠨ ᠤᠯᠠᠮ ᠠᠴᠠ ᠠᠰᠢᠭᠯᠠᠮᠵᠢ ᠶᠢ ᠳᠡᠭᠡᠭᠰᠢᠯᠡᠭᠦᠯᠵᠦ᠂ | ᠡᠬᠢ ᠪᠠᠶᠠᠯᠢᠭ ᠤᠨ ᠬᠤᠷᠣᠭᠳᠠᠯ ᠪᠠ ᠣᠷᠴᠢᠨ ᠠᠬᠤᠢ ᠶᠢᠨ ᠪᠣᠬᠢᠷᠳᠤᠯ ᠢ ᠪᠠᠭᠠᠰᠬᠠᠵᠤ ᠴᠢᠳᠠᠨ᠎ᠠ ;ᠪᠠᠰᠠ ᠵᠢᠱᠢᠶᠡᠯᠡᠪᠡᠯ᠂ ᠲᠠᠪᠴᠠᠩ ᠤᠨ ᠠᠵᠤ ᠠᠬᠤᠢ ᠶᠢᠨ | ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ ᠠᠳᠠᠯᠢ ᠪᠤᠰᠤ ᠡᠵᠡᠩᠨᠡᠯᠲᠡ ᠶᠢᠨ ᠪᠡᠶᠡᠴᠢ ᠴᠣᠭᠴᠠ ᠲᠠᠪᠴᠠᠩ ᠢᠶᠠᠷ ᠳᠠᠮᠵᠢᠨ ᠡᠬᠢ ᠪᠠᠶᠠᠯᠢᠭ ᠢ ᠨᠠᠩ ᠳᠥᠭᠦᠮ ᠳᠥᠲᠡ | ᠣᠯᠬᠤ ᠪᠤᠶᠤ ᠬᠡᠷᠡᠭᠯᠡᠵᠦ ᠪᠣᠯᠣᠨ᠎ᠠ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠣᠷᠴᠢᠯᠳᠤᠭᠤᠯᠤᠨ ᠠᠰᠢᠭᠯᠠᠬᠤ ᠶᠢ ᠪᠡᠶᠡᠯᠡᠭᠦᠯᠵᠦ᠂ ᠨᠡᠶᠢᠭᠡᠮ ᠤᠨ ᠦᠷ᠎ᠡ ᠠᠰᠢᠭ ᠢ | ᠳᠡᠭᠡᠭᠰᠢᠯᠡᠭᠦᠯᠭᠦ ᠶᠢᠨ ᠬᠠᠮᠲᠤ ᠪᠠᠰᠠ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ ᠪᠣᠯᠣᠨ᠎ᠠ᠃ ᠡᠬᠢ ᠪᠠᠶᠠᠯᠢᠭ ᠤᠨ ᠡᠯᠧᠮᠧᠨ᠋ᠲ ᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠵᠢᠪᠣᠳᠣᠯᠬᠢᠯᠠᠵᠤ᠂ ᠤᠯᠤᠰ ᠤᠨ ᠲᠤᠭ᠎ᠠ | ᠪᠠᠷᠢᠮᠲᠠ ᠶᠢᠨ ᠰᠠᠭᠤᠷᠢ ᠲᠥᠬᠦᠭᠡᠷᠦᠮᠵᠢ ᠶᠢ ᠪᠠᠶᠢᠭᠤᠯᠤᠨ ᠡᠵᠡᠩᠨᠡᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠬᠤ ᠭᠡᠷᠡᠭᠲᠡᠢ ;ᠳ᠋ᠠᠶᠢᠲ᠋ᠠ ᠶᠢᠨ | ᠥᠮᠴᠢᠯᠡᠬᠦ ᠡᠷᠬᠡ ᠶᠢᠨ ᠬᠠᠷᠢᠶᠠᠯᠠᠯ ᠢ ᠮᠠᠭᠠᠳᠯᠠᠨ ᠲᠣᠭᠲᠠᠭᠠᠬᠤ᠂ ᠵᠠᠬ᠎ᠠ ᠳᠡᠯᠭᠡᠭᠦᠷ ᠢᠶᠠᠷ ᠠᠷᠠᠯᠵᠢᠶᠠᠯᠠᠬᠤ᠂ ᠡᠷᠬᠡ ᠠᠰᠢᠭ ᠢ ᠬᠤᠪᠢᠶᠠᠷᠢᠯᠠᠬᠤ᠂ ᠠᠰᠢᠭ ᠲᠤᠰᠠ ᠶᠢ | ᠬᠠᠮᠠᠭᠠᠯᠠᠬᠤ ᠳᠦᠷᠢᠮ ᠢ ᠲᠦᠷᠭᠡᠳᠬᠡᠨ ᠪᠠᠶᠢᠭᠤᠯᠵᠤ᠂ ᠳ᠋ᠠᠶᠢᠲ᠋ᠠ ᠶᠢᠨ ᠠᠮᠤᠷ ᠲᠦᠪᠰᠢᠨ ᠤ ᠵᠠᠰᠠᠯᠲᠠ ᠶᠢᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠂ | ᠥᠨᠳᠥᠷ ᠦᠷ᠎ᠡ ᠪᠦᠲᠦᠮᠵᠢᠲᠡᠶ ᠪᠥᠭᠡᠳ ᠳᠥᠭᠦᠮ ᠳᠥᠲᠡ ᠠᠮᠤᠷ ᠲᠦᠪᠰᠢᠨ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠲᠣᠭᠲᠠᠴᠠ ᠶᠢ ᠪᠠᠶᠢᠭᠤᠯᠬᠤ ᠭᠡᠷᠡᠭᠳᠡᠢ ; | ᠲᠠᠪᠴᠠᠩ ᠤᠨ ᠠᠵᠤ ᠠᠬᠤᠢ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠲᠠᠪᠴᠠᠩ ᠤᠨ ᠠᠵᠤ ᠠᠬᠤᠢ ᠶᠢᠨ ᠪᠠᠶᠢᠩᠭᠤᠵᠢᠭᠰᠠᠨ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ | ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠨᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠠᠰᠢᠭᠲᠠᠢ᠃ ᠲᠣᠭᠠᠴᠢᠯᠠᠭᠰᠠᠨ | ᠠᠵᠤ ᠠᠬᠤᠢ ᠨᠢ ᠳᠡᠭᠡᠳᠦ ᠰᠢᠨ᠎ᠡ ᠡᠭᠦᠳᠦᠯᠲᠡ ᠶᠢᠨ ᠴᠢᠨᠠᠷ᠂ ᠴᠢᠩᠭ᠎ᠠ ᠨᠡᠪᠴᠢᠯᠲᠡ ᠶᠢᠨ ᠴᠢᠨᠠᠷ᠂ ᠥᠷᠭᠡᠨ ᠪᠦᠷᠬᠦᠴᠡ ᠶᠢᠨ ᠴᠢᠨᠠᠷ ᠲᠠᠢ ᠪᠠᠶᠢᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠴᠢᠬᠤᠯᠠ ᠬᠥᠳᠡᠯᠭᠡᠭᠦᠷ ᠪᠣᠯᠵᠤ ᠪᠣᠯᠣᠨ᠎ᠠ᠃ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠨᠢ | ᠤᠯᠠᠮᠵᠢᠯᠠᠯᠲᠤ ᠠᠵᠤᠦᠢᠯᠡᠰ ᠤᠨ ᠦᠢᠯᠡᠳᠪᠦᠷᠢᠯᠡᠯ ᠤᠨ ᠶᠠᠪᠤᠴᠠ ᠶᠢᠨ ᠣᠶᠤᠨᠴᠢᠯᠠᠯᠲᠠ᠂ ᠬᠠᠮᠢᠶᠠᠷᠤᠯᠲᠠ ᠶᠢᠨ ᠵᠠᠭᠪᠤᠷ ᠤᠨ ᠮᠡᠳᠡᠭᠡ ᠵᠠᠩᠭᠢᠵᠢᠯᠲᠠ᠂ ᠦᠢᠯᠡᠳᠬᠦᠨ ᠤ | ᠦᠢᠯᠡᠴᠢᠯᠡᠭᠡ ᠶᠢᠨ ᠥᠪᠡᠷᠮᠢᠴᠡᠵᠢᠭᠰᠡᠨ ᠭᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠦᠢᠯᠡᠳᠪᠦᠷᠢᠯᠡᠯ ᠤᠨ ᠦᠷ᠎ᠡ ᠪᠦᠲᠦᠮᠵᠢ | ᠪᠣᠯᠣᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ | ᠴᠢᠳᠠᠨ᠎ᠠ ;ᠡᠯᠧᠺᠳ᠋ᠷᠣᠨ ᠬᠤᠳᠠᠯᠳᠤᠭ᠎ᠠ᠂ ᠲᠣᠭᠠᠵᠢᠭᠤᠯᠤᠭᠰᠠᠨ ᠮᠥᠩᠭᠦᠨ ᠭᠦᠢᠯᠭᠡᠭᠡᠨ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ᠂ ᠠᠯᠤᠰ ᠡᠮᠴᠢᠯᠡᠭᠡ ᠵᠡᠷᠭᠡ | ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠢ ᠪᠤᠢ ᠪᠤᠯᠭᠠᠵᠤ᠂ ᠠᠵᠤ ᠠᠬᠤᠢ ᠶᠢᠨ ᠡᠵᠡᠩᠨᠡᠯᠲᠡ ᠶᠢᠨ ᠭᠡᠯᠪᠡᠷᠢ ᠪᠠᠶᠢᠳᠠᠯ ᠪᠠ | ᠬᠤᠳᠠᠯᠳᠤᠭᠠᠨ ᠤ ᠬᠡᠪ ᠵᠠᠭᠪᠤᠷ ᠢ ᠶᠡᠭᠡ ᠪᠠᠷ ᠪᠠᠶᠠᠯᠢᠭᠵᠢᠭᠤᠯᠵᠤ᠂ ᠠᠵᠤ ᠠᠬᠤᠢ ᠶᠢᠨ ᠪᠦᠲᠦᠴᠡ ᠶᠢᠨ ᠤᠯᠠᠨ ᠡᠰᠢᠵᠢᠬᠦ ᠪᠠ ᠳᠡᠭᠡᠳᠦ ᠲᠡᠰᠵᠢᠭᠦ ᠶᠢ ᠠᠬᠢᠭᠤᠯᠵᠤ | ᠴᠢᠳᠠᠨ᠎ᠠ ;ᠠᠵᠤ ᠦᠢᠯᠡᠰ ᠤᠨ ᠬᠡᠯᠬᠢᠶ᠎ᠡ ᠶᠢᠨ ᠰᠦᠯᠵᠢᠶᠡᠵᠢᠯᠲᠡ᠂ ᠲᠠᠪᠴᠠᠩᠵᠢᠯᠲᠠ ᠶᠢᠨ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠠᠵᠤ ᠠᠬᠤᠶᠢᠯᠠᠯ ᠢ | ᠬᠠᠪᠰᠤᠷᠤᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠯᠤᠭ᠎ᠠ ᠨᠢᠭᠲᠠ ᠬᠠᠮᠲᠤᠷᠠᠯᠴᠠᠬᠤ ᠪᠠ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠠᠵᠤ ᠦᠢᠯᠡᠰ ᠤᠨ ᠬᠡᠯᠬᠢᠶ᠎ᠡ ᠶᠢᠨ ᠪᠦᠬᠦᠯᠢ ᠴᠣᠭᠴᠠ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠴᠢᠳᠠᠨ᠎ᠠ᠃ | ᠡᠭᠦᠨ ᠳᠤ ᠪᠣᠳᠠᠲᠤ ᠴᠣᠭᠴᠠ ᠶᠢᠨ ᠠᠵᠤ ᠠᠬᠤᠢ ᠪᠣᠯᠣᠨ ᠲᠣᠭᠠᠴᠢᠯᠠᠭᠰᠠᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠦᠷᠢᠮ ᠢ | ᠪᠦᠷᠢᠨᠰᠢᠭᠦᠯᠬᠦ ᠳᠤ᠂ ᠲᠣᠭᠠᠴᠢᠯᠠᠭᠰᠠᠨ ᠮᠡᠷᠭᠡᠵᠢᠯ ᠤᠨ ᠠᠵᠤ ᠠᠬᠤᠢ ᠵᠢᠨᠬᠥ᠋ᠭᠵᠢᠯᠲᠡ ᠳᠤ ᠦᠵᠡᠭᠦᠯᠭᠦ ᠶᠡᠬᠡᠰᠬᠡᠬᠦ᠂ ᠳᠠᠪᠬᠤᠴᠠᠭᠤᠯᠬᠤ᠂ ᠲᠠᠭᠢᠨ ᠢᠶᠠᠷ ᠨᠡᠮᠡᠭᠳᠡᠭᠦᠯᠬᠦ | ᠦᠢᠯᠡᠳᠦᠯ ᠢ ᠪᠠᠳᠠᠷᠠᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ ᠠᠵᠢᠯ ᠲᠦᠷᠦᠯ ᠤᠨ | ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠢ ᠪᠠᠶᠢᠭᠤᠯᠵᠤ᠂ ᠠᠵᠤ ᠦᠢᠯᠡᠰ ᠤᠨ ᠵᠠᠭᠪᠤᠷ ᠪᠣᠯᠣᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ | ᠭᠡᠯᠪᠡᠷᠢ ᠶᠢᠨ ᠬᠤᠪᠢᠰᠤᠯᠲᠠ ᠶᠢ ᠲᠦᠷᠭᠡᠳᠬᠡᠵᠦ᠂ ᠳᠠᠪᠠᠭᠤᠯᠢᠭ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠳᠡᠭᠡᠭᠰᠢᠯᠡᠭᠦᠯᠭᠦ ᠪᠠᠶᠢᠭᠤᠯᠤᠮᠵᠢ ᠲᠣᠭᠲᠠᠴᠠ ᠶᠢ | ᠪᠦᠷᠢᠨᠰᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨᠪᠠᠶᠢᠭᠤᠯᠬᠤ ᠬᠡᠷᠡᠭᠲᠡᠢ᠃ | ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠨᠢ ᠤᠯᠤᠰ ᠤᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠠᠰᠢᠭᠲᠠᠢ᠃ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ | ᠲᠦᠷᠭᠡᠳᠬᠡᠨ ᠬᠤᠪᠢᠷᠠᠭᠤᠯᠬᠤ᠂ ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠪᠠ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠶᠢᠨ | ᠵᠠᠶᠢᠯᠠᠰᠢ ᠦᠭᠡᠢ ᠱᠠᠭᠠᠷᠳᠠᠯᠭ᠎ᠠ ᠪᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠃ ᠲᠣᠭᠠᠴᠢᠯᠠᠭᠰᠠᠨ ᠠᠵᠤ ᠠᠬᠤᠢ ᠶᠢᠨ ᠲᠦᠷᠭᠡᠨ ᠬᠥᠭᠵᠢᠯᠲᠡ ᠨᠢ ᠶᠡᠭᠡ | ᠬᠡᠮᠵᠢᠶᠡᠨ ᠤ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠵᠠᠭᠪᠤᠷ ᠢ ᠪᠤᠶ ᠪᠤᠯᠭᠠᠬᠰᠠᠨ ᠢᠶᠠᠷ ᠪᠠᠷᠠᠬᠤ ᠦᠭᠡᠢ᠂ ᠰᠢᠨ᠎ᠡ ᠶᠢ ᠡᠭᠦᠳᠬᠦ ᠶᠠᠪᠤᠳᠠᠯ ᠢ ᠶᠠᠮᠠᠷ ᠨᠢᠭᠡᠨ ᠬᠦᠷᠢᠶ᠎ᠡ | ᠪᠤᠶᠤ ᠠᠵᠢᠯ ᠲᠥᠷᠥᠯ ᠳᠤ ᠬᠢᠵᠠᠭᠠᠷᠯᠠᠭᠳᠠᠬᠤ ᠦᠭᠡᠢ ᠪᠤᠯᠭᠠᠵᠤ᠂ ᠠᠵᠢᠯ ᠲᠥᠷᠥᠯ ᠠᠯᠤᠰᠯᠠᠨ ᠠᠭᠤᠰᠤᠯᠴᠠᠬᠤ᠂ ᠬᠠᠮᠵᠢᠯᠴᠠᠨ ᠰᠢᠨ᠎ᠡ ᠶᠢ ᠡᠭᠦᠳᠬᠦ ᠬᠠᠨᠳᠤᠰᠢ ᠲᠠᠢ | ᠪᠤᠯᠭᠠᠵᠤ᠂ ᠰᠢᠨ᠎ᠡ ᠶᠢ ᠡᠭᠦᠳᠬᠦ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ | ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠪᠠᠷ ᠴᠢᠬᠤᠯᠠ ᠭᠠᠷᠳᠠᠴᠠ ᠪᠤᠯᠭᠠᠵᠤ᠂ᠲᠣᠭᠠᠴᠢᠯᠠᠭᠰᠠᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠰᠠᠶᠢᠲᠤᠷ ᠠᠳᠬᠤᠬᠤ ᠨᠢ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠵᠦ᠂ ᠤᠯᠤᠰ ᠤᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠴᠣᠭᠴᠠᠯᠠᠬᠤ ᠳᠤ | ᠠᠰᠢᠭᠲᠠᠢ ᠶᠤᠮ᠃ ᠰᠢᠨ᠎ᠡ ᠠᠶᠠᠨ ᠳᠤ᠂ ᠪᠢᠳᠡ ᠮᠡᠳᠡᠭᠡ ᠵᠠᠩᠭᠢ ᠶᠢᠨ ᠮᠡᠷᠭᠡᠵᠢᠯ ᠤᠨ ᠰᠠᠭᠤᠷᠢ ᠰᠤᠳᠤᠯᠤᠨ ᠨᠡᠭᠡᠭᠡᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠨ᠎ᠡ ᠨᠢᠭᠡᠦᠶᠡ ᠶᠢᠨ ᠮᠡᠳᠡᠭᠡ ᠵᠠᠩᠭᠢ ᠶᠢᠨ ᠮᠡᠷᠭᠡᠵᠢᠯ ᠢ | ᠪᠦᠭᠦ ᠲᠠᠯ᠎ᠠ ᠪᠠᠷ ᠪᠦᠭᠦ ᠬᠡᠯᠬᠢᠶ᠎ᠡ ᠪᠠᠷ ᠲᠦᠭᠡᠮᠡᠯᠵᠢᠭᠦᠯᠦᠨ ᠬᠡᠷᠡᠭᠯᠡᠬᠦ ᠶᠢ ᠲᠦᠷᠭᠡᠳᠬᠡᠵᠦ᠂ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ | ᠬᠡᠷᠡᠭᠲᠡᠢ᠃ ᠡᠭᠦᠨ ᠤ ᠬᠠᠮᠲᠤ᠂ ᠰᠠᠭᠤᠷᠢ ᠰᠤᠳᠤᠯᠭᠠᠨ ᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠳᠤ ᠨᠠᠩ ᠪᠠᠲᠤ ᠪᠠᠬᠢ ᠰᠠᠭᠤᠷᠢ | ᠣᠨᠣᠯ ᠤᠨ ᠲᠤᠯᠭᠠᠭᠤᠷᠢᠯᠠᠯ ᠪᠠ ᠮᠡᠷᠭᠡᠵᠢᠯ ᠤᠨ ᠡᠬᠢ ᠰᠤᠷᠪᠤᠯᠵᠢ ᠶᠢᠨ ᠬᠠᠩᠭᠠᠯᠭ᠎ᠠ ᠬᠠᠩᠭᠠᠬᠤ ᠬᠡᠷᠡᠭᠲᠡᠢ᠃ |