ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/11/18
    ᠪᠡᠶ᠎ᠡ ᠶᠢᠨ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ ᠪᠠᠶᠠᠯᠢᠭᠵᠢᠭᠤᠯᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠷᠣᠯᠴᠠᠭ᠎ᠠ ᠶᠢ ᠥᠷᠭᠡᠨ ᠳᠡᠯᠭᠡᠷ ᠢᠶᠠᠷ ᠳᠠᠶᠢᠴᠢᠯᠠᠬᠤ ᠪᠣᠯ ᠠᠷᠠᠳ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠭᠦ ᠴᠢᠬᠤᠯᠠ ᠠᠷᠭ᠎ᠠ ᠵᠠᠮ ᠮᠥᠨ᠂ ᠪᠠᠰᠠ ᠴᠤ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠃ ᠣᠶᠢᠷ᠎ᠠ ᠶᠢᠨ ᠵᠢᠯ ᠳᠤ᠂ᠮᠠᠨ ᠤ ᠣᠷᠣᠨ ᠤ ᠪᠡᠶ᠎ᠡ ᠶᠢᠨ ᠲᠠᠮᠢᠷ ᠤᠨ ᠡᠲᠡᠭᠡᠳ ᠤᠨ ᠬᠢᠨ ᠰᠡᠳᠬᠢᠯ ᠨᠢᠭᠡᠳᠦᠨ ᠬᠦᠴᠦᠯᠡᠨ ᠴᠢᠷᠮᠠᠶᠢᠵᠤ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠢᠴᠢᠭᠯᠡᠵᠦ ᠪᠤᠢ᠃     ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠢᠨ ︽ᠥᠭᠡᠷᠡᠴᠢᠯᠡᠯᠲᠡ︾ ᠶᠢ ᠴᠢᠬᠤᠯᠠᠴᠢᠯᠠᠵᠤ᠂ ᠡᠯ᠎ᠡ ᠱᠠᠲᠤᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠰᠢᠨ᠎ᠡ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠦᠢᠯᠡᠴᠢᠯᠡᠭᠡᠨ ᠤ ᠵᠠᠭᠪᠤᠷ ᠢ ᠬᠡᠷᠡᠭᠯᠡᠬᠦ ᠶᠢ ᠵᠣᠷᠢᠭᠵᠢᠭᠤᠯᠵᠤ᠂ ᠲᠠᠯᠠᠪᠤᠷ ᠣᠷᠳᠣᠨ ᠤ ᠠᠰᠢᠭᠯᠠᠯᠲᠠ ᠶᠢᠨ ᠦᠷ᠎ᠡ ᠪᠦᠲᠦᠮᠵᠢ ᠵᠢ‌‍ᠲ᠋ᠡᠭᠡᠭᠰᠢᠯᠡᠭᠦᠯᠪᠡ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠵᠤ᠂ 2023 ᠣᠨ ᠳᠤ ᠪᠦᠭᠦ ᠣᠷᠣᠨ ᠤ 40 ᠭᠠᠷᠤᠢ ᠪᠡᠶ᠎ᠡ ᠶᠢᠨ ᠲᠠᠮᠢᠷ ᠤᠨ ᠲᠥᠷᠥᠯ ᠵᠦᠢᠯ ᠢ 380 ᠭᠠᠷᠤᠢ ᠰᠤᠷᠭᠠᠭᠤᠯᠢ ᠳᠤ ᠣᠷᠣᠭᠤᠯᠵᠤ᠂ 110 ᠭᠠᠷᠤᠢ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠠᠴᠠ ᠲᠡᠭᠦᠰᠦᠭᠰᠡᠨ ᠣᠶᠤᠲᠠᠳ ᠢ ᠵᠣᠬᠢᠶᠠᠨ ᠪᠠᠶᠢᠭᠤᠯᠤᠨ ᠬᠢᠯᠢ ᠬᠢᠵᠠᠭᠠᠷ ᠣᠷᠣᠨ ᠤ 66 ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠪᠡ᠃ 600 ᠭᠠᠷᠤᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠬᠢᠨ 20 ᠭᠠᠷᠤᠢ ᠲᠦᠮᠡᠨ ᠰᠣᠷᠣᠬᠴᠢ ᠳᠤ ᠰᠤᠷᠭᠠᠭᠤᠯᠢ ᠶᠢᠨ ᠭᠠᠳᠠᠨᠠᠬᠢ‌‍ᠪᠡᠶ᠎ᠡ ᠶᠢᠨ ᠲᠠᠮᠢᠷ ᠤᠨ ᠵᠢᠯᠣᠭᠤᠳᠤᠯᠭ᠎ᠠ ᠬᠠᠩᠭᠠᠵᠤ᠂ ᠨᠡᠶᠢᠲᠡ 36 ᠰᠤᠷᠭᠠᠭᠤᠯᠢ᠂ ᠪᠡᠶ᠎ᠡ ᠶᠢᠨ ᠲᠠᠮᠢᠷ ᠤᠨ ᠰᠤᠷᠭᠠᠭᠤᠯᠢ ᠵᠢᠴᠢ ᠺᠯᠦ᠋ᠪ ᠢ ᠤᠯᠤᠰ ᠤᠨ ᠭᠤᠣᠯᠳᠠᠯᠭ᠎ᠠ ᠲᠠᠢ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠪᠠ ᠤᠯᠤᠰ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠢᠶᠠᠷ ᠨᠡᠷᠡᠶᠢᠳᠪᠡ᠃     ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠠᠬᠢᠭᠤᠯᠵᠤ᠂ ᠪᠦᠭᠦ ᠣᠷᠣᠨ ᠤ 2239 ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠬᠦᠴᠦᠨ ᠨᠡᠮᠡᠷᠢᠯᠡᠵᠦ ᠪᠤᠢ᠃ᠨᠢᠳᠤᠨᠤᠨ᠂ ᠪᠦᠭᠦ ᠣᠷᠣᠨ ᠳᠤ 49 ᠪᠡᠶ᠎ᠡ ᠶᠢᠨ ᠲᠠᠮᠢᠷ ᠤᠨ ᠴᠡᠴᠡᠷᠯᠢᠭ᠂ 44 ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ 109 ᠣᠯᠠᠨ ᠴᠢᠳᠠᠮᠵᠢᠲᠤ ᠲᠠᠮᠢᠷ ᠤᠨ ᠲᠠᠯᠠᠪᠤᠷ᠂ 445 ᠺᠢᠯᠣᠮᠧᠳ᠋ᠷ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠰᠢᠨ᠎ᠡ ᠪᠠᠷ ᠪᠠᠶᠢᠭᠤᠯᠤᠭᠰᠠᠨ ᠪᠠ ᠰᠠᠶᠢᠵᠢᠷᠠᠭᠤᠯᠤᠨ ᠥᠷᠭᠡᠳᠬᠡᠵᠦ᠂ ᠪᠦᠭᠦ ᠵᠢᠯ ᠳᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ 2000 ᠭᠠᠷᠤᠢ ᠤᠳᠠᠭ᠎ᠠ ᠥᠷᠨᠢᠭᠦᠯᠵᠦ᠂ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ ᠪᠤᠢ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠤᠯᠤᠰ ᠠᠷᠠᠳ ᠤᠨ ᠪᠡᠶ᠎ᠡ ᠮᠠᠬᠠᠪᠤᠳ ᠢ ᠬᠢᠨᠠᠨ‌‍ᠬᠡᠮᠵᠢᠬᠦ ᠥᠷᠲᠡᠭᠡ ᠴᠡᠭ ᠪᠠ ᠦᠢᠯᠡᠴᠢᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ 2023 ᠣᠨ ᠳᠤ 1 ᠲᠦᠮᠡ ᠭᠠᠷᠤᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠳᠤ ᠪᠣᠯᠪᠠᠰᠤᠷᠠᠯ ᠬᠦᠷᠲᠡᠭᠡᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡ ᠶᠢ 800 ᠭᠠᠷᠤᠢ ᠤᠳᠠᠭ᠎ᠠ ᠥᠷᠨᠢᠭᠦᠯᠦᠨ᠂ 30 ᠭᠠᠷᠤᠢ ᠲᠦᠮᠡᠨ ᠬᠥᠮᠥᠨ ᠤᠳᠠᠭ᠎ᠠ ᠳᠤ ᠠᠰᠢᠭ ᠬᠦᠷᠲᠡᠭᠡᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠪᠦᠲᠦᠮᠵᠢᠲᠡᠢ ᠠᠬᠢᠭᠤᠯᠪᠠ᠃     ᠤᠷᠤᠯᠳᠤᠭᠠᠨ ᠤ ᠪᠡᠶ᠎ᠡ ᠶᠢᠨ ᠲᠠᠮᠢᠷ ‍ᠤᠨ‌‍ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ ᠤᠯᠠᠨ ᠲᠦᠷᠦᠯ ᠤᠨ ᠤᠷᠤᠯᠳᠤᠭᠠᠨ ᠳᠤ ᠰᠢᠨ᠎ᠡ ᠰᠢᠪᠲᠤᠯᠤᠯᠲᠠ ᠲᠠᠢ ᠪᠣᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠮᠠᠨ ᠤ ᠣᠷᠣᠨ 18 ᠠᠯᠲᠠᠨ ᠮᠧᠳᠠᠯ᠂ 17 ᠮᠥᠩᠭᠦᠨ ᠮᠧᠳᠠᠯ᠂ 24 ᠬᠦᠷᠡᠯ ᠮᠧᠳᠠᠯ ᠣᠯᠪᠠ᠃ 2023 ᠣᠨ ᠳᠤ ᠪᠦᠭᠦ ᠣᠷᠣᠨ ᠤ 3400 ᠬᠥᠮᠥᠨ ᠤᠳᠠᠭ᠎ᠠ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ 222 ᠵᠦᠢᠯ ᠤᠨ ᠤᠷᠤᠯᠳᠤᠭᠠᠨ ᠳᠤ ᠣᠷᠣᠯᠴᠠᠵᠤ᠂ 125 ᠠᠯᠲᠠᠨ ᠮᠧᠳᠠᠯ᠂ 115 ᠮᠥᠩᠭᠦᠨ ᠮᠧᠳᠠᠯ᠂ 153 ᠬᠦᠷᠡᠯ ᠮᠧᠳᠠᠯ ᠭᠠᠷᠲᠠᠭᠰᠠᠨ ᠰᠢᠯᠢᠳᠡᠭ ᠬᠢᠷᠢ ᠪᠦᠲᠦᠮᠵᠢ ᠶᠢ ᠪᠢᠴᠢᠭᠯᠡᠵᠡᠢ᠃ ᠡᠨᠡ‌ᠵᠤᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ ᠲᠠᠮᠢᠷᠴᠢᠨ ᠯᠢ ᠴᠢᠶᠠᠨ ᠪᠤᠺᠰ ᠤᠨ ᠲᠡᠮᠡᠴᠡᠭᠡᠨ ᠤ ᠡᠮᠡᠭᠲᠡᠢ ᠶᠢᠨ 75 ᠺᠢᠯᠤᠭ᠍ᠷᠠᠮ ᠤᠨ ᠳᠡᠰ ᠤᠨ ᠤᠷᠤᠯᠳᠤᠭᠠᠨ ᠤ ᠠᠯᠲᠠᠨ ᠮᠧᠲᠠᠯ ᠢ ᠣᠯᠵᠤ ᠮᠠᠨ ᠤ ᠣᠷᠣᠨ ᠤ ᠬᠢᠯᠢ ᠶᠢᠨ ᠭᠠᠳᠠᠨᠠᠬᠢ ᠣᠯᠢᠮᠫᠢᠺ ᠤᠨ ᠲᠠᠮᠢᠷ ᠤᠨ ᠴᠤᠭᠯᠠᠭᠠᠨ ᠳᠤ ᠠᠯᠲᠠᠨ ᠮᠧᠲᠠᠯ ᠣᠯᠣᠭᠠᠳᠤᠢ ᠪᠠᠶᠢᠭᠰᠠᠨ ᠲᠡᠦᠬᠡ ᠶᠢ ᠡᠴᠦᠰᠯᠡᠭᠦᠯᠦᠯ᠎ᠡ᠃ ᠡᠭᠦᠨ ᠠᠴᠠ ᠭᠠᠳᠠᠨ᠎ᠠ ᠮᠠᠨ ᠤ ᠣᠷᠣᠨ ᠪᠠᠰᠠ ᠡᠯ᠎ᠡ ᠭᠠᠵᠠᠷ ᠣᠷᠣᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠠᠷᠠᠯᠵᠢᠶ᠎ᠠ ᠶᠢ ᠠᠭᠤᠰᠤᠯᠴᠠᠭᠤᠯᠬᠤ ᠠᠵᠢᠯᠯᠠᠭ᠎ᠠ ᠡᠷᠭᠢᠯᠡᠭᠦ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ ᠪᠠᠶᠢᠨ᠎ᠠ᠃     ᠪᠡᠶ᠎ᠡ ᠶᠢᠨ ᠲᠠᠮᠢᠷ ᠬᠦᠴᠦᠷᠬᠡᠭᠵᠢᠪᠡᠯ ᠤᠯᠤᠰ ᠬᠦᠴᠦᠷᠬᠡᠭᠵᠢᠵᠦ᠂ ᠤᠯᠤᠰ ᠬᠦᠴᠦᠷᠬᠡᠭᠵᠢᠪᠡᠯ ᠪᠡᠶ᠎ᠡ ᠶᠢᠨ ᠲᠠᠮᠢᠷ ᠬᠦᠴᠦᠷᠬᠡᠭᠵᠢᠨ᠎ᠡ᠃ ᠥᠪᠡᠷᠲᠡᠭᠡᠨ ᠵᠠᠰᠠᠬᠤ ᠣᠷᠣᠨ ᠪᠡᠶ᠎ᠡ ᠶᠢᠨ ᠲᠠᠮᠢᠷ ᠤᠨ ᠦᠢᠯᠡᠰ ᠤᠨ ᠰᠢᠨ᠎ᠡ ᠬᠥᠭᠵᠢᠯᠲᠡ ᠶᠢ ᠴᠢᠷᠮᠠᠶᠢᠨ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠡᠶ᠎ᠡ ᠶᠢᠨ ᠲᠠᠮᠢᠷ ᠤᠨ ᠬᠦᠴᠦᠨ ᠴᠢᠳᠠᠯ ᠢ ᠡᠷᠭᠦᠨᠡᠮ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ