11 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠳᠤ ᠭᠦᠨᠵᠡᠭᠡᠶᠢᠷᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠲᠣᠭᠤᠷᠢᠨ ᠳᠤ ᠪᠠᠶᠢᠴᠠᠭᠠᠨ | ᠰᠤᠳᠤᠯᠤᠯᠲᠠ ᠬᠢᠪᠡ᠃ | 11 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠤᠰ ᠤᠨ ᠬᠤᠪᠣᠷ ᠰᠢᠷᠣᠢ ᠶᠢᠨ | ᠴᠢᠳᠠᠮᠵᠢᠲᠤᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠲᠤ ᠬᠦᠷᠴᠦ᠂ ᠬᠤᠪᠣᠷ ᠰᠢᠷᠣᠢ ᠶᠢᠨ ᠦᠢᠯᠡᠳᠬᠦᠨ ᠰᠤᠳᠤᠯᠤᠨ ᠨᠡᠭᠡᠭᠡᠵᠦ ᠪᠠᠶᠢᠬᠤ ᠪᠠ ᠳᠤᠮᠳᠠᠬᠢ | ᠲᠤᠷᠰᠢᠯᠲᠠ ᠶᠢᠨ ᠦᠢᠯᠡᠳᠪᠦᠷᠢᠯᠡᠯ ᠤᠨ ᠱᠤᠭᠤᠮ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃ | ᠰᠦᠨ ᠱᠤᠤ ᠴᠧᠩ ᠤᠷᠢᠳ ᠬᠤᠵᠢᠳ ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ᠂ ᠤᠮᠠᠷᠠᠲᠤ ᠶᠢᠨ ᠬᠤᠪᠣᠷ | ᠰᠢᠷᠣᠢ ᠶᠢᠨ ᠪᠣᠬᠢᠷᠳᠤᠯ ᠦᠭᠡᠢ ᠬᠠᠶᠢᠯᠤᠭᠤᠯᠤᠨ ᠪᠤᠯᠪᠠᠰᠤᠷᠠᠭᠤᠯᠬᠤ ᠶᠢ ᠲᠠᠰ ᠳᠡᠪᠰᠢᠭᠦᠯᠵᠦ ᠥᠭᠡᠷᠡᠴᠢᠯᠡᠬᠦ ᠲᠥᠷᠥᠯ ᠵᠦᠢᠯ ᠤᠨ ᠲᠤᠬᠠᠢ ᠶᠢᠨ ᠲᠠᠯᠠᠪᠠᠶ᠂ | ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠵᠢᠨᠭᠠᠩ ᠯᠢᠶᠠᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠮᠡᠷᠭᠡᠵᠢᠯ ᠤᠨ ᠲᠥᠪ ᠲᠤ ᠬᠦᠷᠴᠦ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠦᠢᠯᠡᠳᠬᠦᠨ ᠰᠤᠳᠤᠯᠤᠨ ᠨᠡᠭᠡᠭᠡᠵᠦ ᠬᠡᠷᠡᠭᠯᠡᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ᠃ | ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠬᠤᠪᠣᠷ | ᠰᠢᠷᠣᠢ ᠶᠢᠨ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠡᠵᠡᠮᠳᠡᠵᠦ᠂ ᠬᠤᠪᠣᠷ ᠰᠢᠷᠣᠢ ᠶᠢᠨ ᠬᠡᠷᠡᠭᠯᠡᠭᠡᠨ ᠤ ᠰᠤᠳᠤᠯᠭᠠᠨ ᠢ ᠴᠢᠩᠭᠠᠳᠬᠠᠵᠤ᠂ ᠳᠡᠭᠡᠳᠦ ᠳᠡᠰ ᠤᠨ | ᠦᠵᠦᠭᠦᠷᠯᠢᠭ ᠤᠨ ᠬᠡᠷᠡᠭᠯᠡᠭᠡ ᠶᠢ ᠴᠢᠩᠭᠠᠳᠬᠠᠨ᠂ ᠦᠢᠯᠡᠳᠬᠦᠨ ᠤ ᠥᠪᠡᠷ ᠤᠨᠥᠷᠲᠡᠭ ᠢ ᠪᠠᠭᠤᠷᠠᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ | ᠦᠷ᠎ᠡ ᠪᠦᠲᠦᠭᠡᠯ ᠢ ᠲᠤᠷᠰᠢᠯᠲᠠ ᠶᠢᠨ ᠲᠠᠰᠤᠭ ᠠᠴᠠ ᠲᠣᠮᠣ ᠵᠠᠬ᠎ᠠ ᠳᠡᠯᠭᠡᠭᠦᠷ ᠲᠤ ᠭᠠᠷᠭᠠᠬᠤ ᠬᠡᠷᠡᠭᠲᠡᠢ ᠭᠡᠪᠡ᠃ | ᠡᠨᠡ ᠬᠦ ᠬᠤᠭᠤᠴᠠᠭᠠᠨ ᠳᠤ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠣᠨ ᠪᠤᠭᠤᠲᠤ ᠬᠤᠲᠠ ᠶᠢᠨ | ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤ ᠪᠠᠷ ᠤᠯᠤᠰ ᠤᠨ | ᠥᠮᠴᠢᠯᠡᠯ ᠤᠨ ᠠᠵᠤᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂ ᠪᠦᠭᠦ | ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ | ᠬᠤᠷᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ | ᠶᠡᠭᠡ ᠪᠠᠶᠢᠷᠢᠯᠠᠭᠤᠯᠤᠯᠲᠠ ᠶᠣᠰᠣᠭᠠᠷ᠂ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ᠵᠣᠷᠢᠭᠲᠠᠢ ᠰᠡᠳᠬᠢᠵᠦ ᠵᠣᠷᠢᠭᠲᠠᠢ ᠬᠢᠵᠦ᠂ ᠵᠣᠷᠢᠭᠲᠠᠢ ᠪᠠᠷ | ᠥᠭᠡᠷᠡᠴᠢᠯᠡᠯᠲᠡ ᠬᠢᠵᠦ᠂ ᠪᠦᠬᠦᠯᠢ ᠴᠣᠭᠴᠠ ᠶᠢᠨ ︽ᠰᠢᠪᠲᠤᠯᠤᠯᠲᠠ︾ ᠵᠢᠲ᠋ᠦ᠋ᠷᠭᠡᠨ ᠪᠡᠶᠡᠯᠡᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠢᠨ ᠦᠷ᠎ᠡ ᠠᠰᠢᠭ ᠢ ᠡᠷᠭᠢᠮᠯᠡᠭᠦ ᠬᠡᠷᠡᠭᠲᠡᠢ᠂ ᠦᠷ᠎ᠡ ᠠᠰᠢᠭ ᠢ ᠳᠡᠭᠡᠭᠰᠢᠯᠡᠭᠦᠯᠭᠦ ᠶᠢᠨ ᠭᠠᠷᠬᠤ ᠵᠠᠮ ᠨᠢ ᠥᠭᠡᠷᠡᠴᠢᠯᠡᠯᠲᠡ ᠬᠢᠬᠦ ᠳᠤ ᠪᠤᠢ᠃ ᠦᠷ᠎ᠡ | ᠠᠰᠢᠭ ᠭᠡᠬᠦ ᠡᠨᠡ ᠬᠦ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠭᠤᠣᠯ ᠠᠵᠢᠯ᠂ ᠰᠢᠨ᠎ᠡ ᠶᠢ ᠡᠭᠦᠳᠬᠦ᠂ ᠬᠠᠮᠢᠶᠠᠷᠤᠯᠲᠠ ᠠᠴᠠ ᠦᠷ᠎ᠡ ᠠᠰᠢᠭ ᠣᠯᠬᠤ ᠶᠢ ᠪᠠᠷᠢᠮᠲᠠᠯᠠᠬᠤ ᠬᠡᠷᠡᠭᠲᠡᠢ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ | ᠳᠠᠷᠤᠢ ᠥᠭᠡᠷᠡᠴᠢᠯᠡᠯᠲᠡ ᠮᠥᠨ ᠭᠡᠬᠦ ᠣᠶᠢᠯᠠᠭᠠᠭᠳᠠᠬᠤᠨ ᠢ ᠪᠤᠢ ᠪᠤᠯᠭᠠᠵᠤ᠂ ᠠᠯᠳᠠᠭ᠎ᠠ ᠪᠤᠷᠤᠭᠤ ᠪᠠᠨᠵᠠᠯᠠᠷᠠᠭᠤᠯᠬᠤ ᠪᠠᠷ ᠳᠠᠮᠵᠢᠨ ᠬᠠᠮᠢᠶᠠᠷᠤᠯᠲᠠ ᠪᠠᠨ ᠴᠢᠩᠭᠠᠳᠬᠠᠵᠤ | ᠂ ᠠᠯᠳᠠᠰᠢ ᠠᠳᠡᠰᠢ ᠭᠠᠷᠬᠤ ᠶᠢ ᠬᠤᠷᠢᠭᠯᠠᠵᠤ᠂ ᠰᠡᠳᠬᠢᠮᠵᠢ ᠪᠠᠨ ᠲᠡᠭᠦᠯᠳᠡᠷᠵᠢᠭᠦᠯᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ | ᠡᠵᠡᠩᠨᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠠᠴᠠ ᠪᠠᠨ ᠡᠭᠦᠰᠴᠦ | ᠰᠠᠨᠠᠭᠠᠴᠢᠯᠠᠭ᠎ᠠ ᠠᠴᠠ ᠪᠠᠨ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠥᠯᠥᠪᠵᠢᠭᠦᠯᠦᠨ ᠪᠠᠶᠢᠭᠤᠯᠵᠤ᠂ ᠠᠵᠤ ᠠᠬᠤᠶᠢᠯᠠᠯ ᠢ ᠣᠳᠣᠬᠢᠴᠢᠯᠠᠭᠰᠠᠨ ᠵᠠᠬ᠎ᠠ | ᠳᠡᠯᠭᠡᠭᠦᠷ ᠤᠨ ᠭᠤᠣᠯ ᠴᠣᠭᠴᠠ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠪᠦᠭᠦᠲ᠋ᠠᠯ᠎ᠠ ᠪᠠᠷ ᠴᠢᠩᠭᠠᠳᠬᠠᠵᠤ᠂ ᠨᠠᠮ ᠤᠨ | ᠤᠳᠤᠷᠢᠳᠤᠯᠭ᠎ᠠ ᠪᠣᠯᠣᠨ ᠠᠵᠤ ᠠᠬᠤᠶᠢᠯᠠᠯ ᠤᠨ ᠵᠠᠰᠠᠯᠲᠠ ᠶᠢ ᠨᠡᠩ ᠰᠢᠨᠵᠢᠯᠡᠬᠦ ᠤᠬᠠᠭᠠᠨᠴᠢ ᠪᠠᠷ ᠨᠢᠭᠡᠳᠬᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠠᠵᠤ | ᠠᠬᠤᠶᠢᠯᠠᠯ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠴᠥᠮ ᠨᠢᠭᠡ | ᠰᠡᠳᠬᠢᠯ ᠨᠢᠭᠡ ᠵᠣᠷᠢᠭ ᠢᠶᠠᠷ᠂ ᠤᠶᠤᠨᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠤᠶᠠᠷ ᠰᠠᠷ᠎ᠠ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃ | ᠳ᠋ᠢᠩ ᠰᠢᠤ ᠹᠧᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃ | |