ᠵᠠᠩ ᠰᠢᠶᠤᠤ ᠬᠤᠸᠠ ᠪᠤᠯ ᠤᠯᠠᠭᠠᠨᠬᠤᠳᠠ ᠶᠢᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ | ᠲᠠᠰᠤᠭ ᠤᠨ ᠲᠠᠷᠤᠭ᠎ᠠ ᠪᠤᠯᠤᠨ᠎ᠠ᠂ ᠲᠡᠷᠡ ᠨᠠᠷᠢᠨ ᠬᠢᠨᠠᠮᠠᠭᠠᠢ ᠪᠤᠲᠠᠲᠠᠢ ᠶᠢ ᠡᠷᠬᠢᠮᠯᠡᠬᠦ ᠠᠵᠢᠯ ᠤᠨ ᠤᠪᠤᠷ᠂ ᠰᠢᠷᠭᠠᠭᠤ ᠬᠢᠴᠢᠶᠡᠩᠭᠦᠢ ᠠᠵᠢᠯ ᠤᠨ ᠰᠤᠷᠳᠠᠯ ᠢ | ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠦᠢᠯᠡᠳᠤᠯᠭᠡᠵᠢᠭᠦᠯᠵᠤ ᠢᠷᠡᠵᠡᠢ᠃ ᠤᠯᠠᠭᠠᠨᠬᠤᠲᠠ ᠶᠢᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠠᠰᠤᠭ ᠤᠨ ᠠᠯᠪᠠᠨ ᠭᠡᠷ ᠲᠤ᠂ ︽ᠲᠠ ᠡᠨᠡ ᠬᠦ ᠦᠨᠳᠤᠰᠤᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠭᠰᠡᠨ ᠤ ᠳᠠᠷᠠᠭ᠎ᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠲᠤᠬᠠᠢ ᠤᠶᠢᠯᠠᠭᠠᠵᠤ ᠪᠤᠯᠤᠨ᠎ᠠ︾ ᠭᠡᠵᠤ ᠵᠠᠩ ᠰᠢᠶᠣᠣ ᠬᠤᠸᠠ ᠰᠢᠨ᠎ᠠ ᠬᠠᠮᠲᠤ ᠠᠵᠢᠯᠯᠠᠭᠴᠢ ᠳᠤ ᠪᠠᠨ ᠮᠡᠳᠡᠭᠡ ᠵᠠᠩᠬᠢ ᠶᠢᠨ ᠰᠢᠰᠲ᠋ᠧᠮ ᠢ ᠶᠠᠭᠠᠬᠢᠵᠤ ᠬᠡᠷᠡᠭᠯᠡᠬᠦ | ᠲᠤᠬᠠᠢ ᠡᠶᠡᠯᠳᠡᠭ ᠢᠶᠠᠷ ᠵᠢᠭᠠᠨ ᠵᠢᠯᠤᠭᠤᠳᠴᠤ ᠪᠠᠶᠢᠯ᠎ᠠ᠃ ︽ᠵᠠᠩ ᠰᠢᠶᠣᠣ ᠬᠤᠸᠠ ᠪᠣᠯ ᠪᠡᠶ᠎ᠡ ᠳᠡᠭᠡᠨ ᠮᠠᠰᠢ ᠴᠢᠩᠭ᠎ᠠ ᠬᠠᠨᠳᠤᠳᠠᠬ ᠪᠤᠯᠪᠠᠴᠤ ᠬᠠᠮᠲᠤ | ᠠᠵᠢᠯᠯᠠᠭᠰᠠᠳ ᠳᠠᠭᠠᠨ ᠮᠠᠰᠢ ᠡᠶᠡᠯᠰᠡᠭ ᠳᠣᠲᠣᠨᠣ ᠪᠠᠶᠢᠳᠠᠬ᠂ ᠲᠡᠭᠦᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠩᠭᠤᠢ ᠴᠢᠳᠠᠪᠤᠷᠢ ᠪᠠ ᠨᠠᠷᠢᠨ ᠬᠢᠨᠠᠮᠠᠭᠠᠢ | ᠠᠵᠢᠯᠯᠠᠬᠤ ᠣᠪᠣᠷ ᠨᠢ ᠮᠠᠨ ᠤ ᠰᠤᠷᠤᠯᠴᠠᠬᠤ ᠭᠡᠪ ᠳᠠᠭᠤᠷᠢᠶᠠᠯ ᠮᠥᠨ︾ ᠭᠡᠵᠤ ᠬᠠᠮᠲᠤ ᠠᠵᠢᠯᠯᠠᠭᠴᠢ ᠸᠠᠩ ᠺᠧ ᠰᠢᠨ ᠰᠤᠷᠪᠤᠯᠵᠢᠯᠠᠭᠴᠢ ᠳᠤ ᠲᠠᠨᠢᠯᠴᠠᠭᠤᠯᠤᠯ᠎ᠠ᠃ | ᠵᠠᠩ ᠰᠢᠶᠣᠣ ᠬᠤᠸᠠ 2010 ᠤᠨ ᠠᠴᠠ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠭᠠᠷᠳᠠᠨ ᠬᠢᠭᠰᠡᠨ ᠠᠴᠠ ᠨᠠᠭᠠᠰᠢ᠂ ᠪᠥᠬᠦ ᠬᠤᠲᠠ ᠶᠢᠨ | ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠬᠦᠨᠳᠦ ᠨᠣᠴᠢᠲᠠᠢ ᠣᠶᠤᠨ ᠮᠡᠳᠡᠷᠡᠯ ᠤᠨ ᠡᠪᠡᠳᠴᠢᠲᠡᠨ ᠢ ᠬᠠᠮᠢᠶᠠᠷᠤᠨ ᠵᠠᠰᠠᠬᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠬᠦᠯᠬᠦ ᠵᠡᠷᠭᠡ ᠠᠵᠢᠯ ᠤᠨ ᠡᠭᠦᠷᠭᠡ ᠶᠢ ᠡᠷᠡᠰ ᠰᠢᠭᠤᠷᠬᠠᠢ ᠪᠠᠷ ᠡᠭᠦᠷᠭᠡᠯᠡᠭᠰᠡᠨ ᠪᠠᠶᠢᠨ᠎ᠠ᠃ | ᠲᠡᠷᠡ ᠥᠨᠳᠥᠷ ᠪᠠᠷᠢᠮᠵᠢᠶ᠎ᠠ ᠪᠠ ᠴᠢᠩᠭ᠎ᠠ ᠱᠠᠭᠠᠷᠳᠠᠯᠭ᠎ᠠ ᠪᠠᠷ ᠡᠳᠦᠷ ᠲᠡᠭᠡᠨ ᠬᠥᠳᠡᠭᠡ ᠪᠠᠭᠤᠵᠤ ᠲᠤᠬᠠᠶᠢᠯᠠᠭᠰᠠᠨ ᠠᠵᠢᠯ ᠢ ᠵᠢᠯᠤᠭᠤᠳᠴᠤ᠂ ᠰᠦᠨᠢ ᠳᠠᠭᠠᠨ ᠠᠷᠬᠠᠭ | ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠮᠡᠷᠭᠡᠵᠢᠯ ᠢ ᠰᠤᠷᠤᠯᠴᠠᠳᠠᠭ᠃ ᠵᠠᠩ ᠰᠢᠶᠣᠣ ᠬᠤᠸᠠ᠂ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ | ᠪᠥᠬᠦ ᠲᠠᠯ᠎ᠠ ᠪᠠᠷ ᠲᠦᠭᠡᠮᠡᠯᠵᠢᠭᠦᠯᠵᠦ᠂ ᠪᠥᠬᠦ ᠬᠤᠲᠠ ᠶᠢᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠪᠠᠶᠢᠭᠤᠯᠤᠮᠵᠢ ᠶᠢᠨ ᠪᠣᠯᠪᠠᠰᠤᠷᠠᠯ ᠢ | ᠥᠷᠨᠢᠭᠦᠯᠬᠦ ᠶᠠᠪᠤᠴᠠ ᠳᠤ᠂ ᠦᠨᠳᠦᠰᠦᠨ ᠱᠠᠲᠤᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠦᠨᠡᠨ ᠰᠡᠳᠭᠢᠯ ᠠᠴᠠ ᠪᠠᠨ | ᠤᠯᠠᠮᠵᠢᠯᠠᠨ᠂ ᠪᠥᠬᠦ ᠬᠤᠲᠠ ᠶᠢᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ ᠠᠵᠢᠯ ᠤᠨ ᠳᠤᠮᠳᠠ᠂ ᠵᠠᠩ | ᠰᠢᠶᠣᠣ ᠬᠤᠸᠠ ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ᠂ ᠠᠮᠢᠳᠤᠷᠠᠯ ᠨᠢ ᠬᠦᠴᠢᠷᠳᠡᠯᠲᠡᠢ ᠠᠷᠬᠠᠭ ᠡᠪᠡᠳᠴᠢᠲᠡᠨ ᠳᠤ | ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠲᠥᠷᠥᠯ ᠵᠦᠢᠯ ᠢ ᠲᠣᠭᠲᠠᠭᠠᠨ ᠥᠭᠴᠦ᠂ ᠲᠤᠰᠬᠠᠢ ᠡᠮᠴᠢᠯᠡᠭᠡ ᠡᠷᠡᠭᠦᠯᠵᠢᠯ ᠬᠦᠷᠲᠡᠭᠡᠳᠡᠭ᠃ 2019 ᠣᠨ ᠠᠴᠠ | 2023 ᠣᠨ ᠪᠣᠯᠲᠠᠯ᠎ᠠ᠂ ᠵᠠᠩ ᠰᠢᠶᠣᠣ ᠬᠤᠸᠠ ᠡᠯ᠎ᠡ ᠰᠠᠯᠠᠭ᠎ᠠ ᠮᠥᠴᠢᠷ ᠤᠨ ᠬᠢᠨ ᠲᠠᠢ ᠵᠣᠬᠢᠴᠠᠭᠤᠯᠵᠤ ᠪᠠᠶᠢᠭᠠᠳ ᠠᠮᠢᠳᠤᠷᠠᠯ ᠨᠢ ᠬᠦᠴᠢᠷᠳᠡᠯᠲᠡᠢ 2345 | ᠠᠷᠬᠠᠭ ᠡᠪᠡᠳᠴᠢᠲᠡᠨ ᠳᠤ ᠡᠯ᠎ᠡ ᠵᠦᠢᠯ ᠤᠨ ᠨᠥᠬᠦᠪᠦᠷᠢ ᠶᠢ 68.1 ᠲᠦᠮᠡᠨ ᠲᠥᠭᠦᠷᠢᠭ ᠬᠠᠩᠭᠠᠵᠠᠢ᠃ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠰᠡᠭᠡᠷ | ᠢᠷᠡᠭᠰᠡᠨ ᠵᠠᠩ ᠰᠢᠶᠣᠣ ᠬᠤᠸᠠ᠂ ᠥᠪᠡᠷ ᠤᠨ ᠬᠠᠶᠢᠷᠠᠲᠠᠢ ᠦᠢᠯᠡᠰ ᠢᠶᠠᠨ ᠪᠠᠲᠤ ᠰᠠᠬᠢᠵᠤ᠂ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠬᠤ ᠳᠤ ᠢᠳᠡᠪᠬᠢᠲᠡᠢ | ᠠᠵᠢᠯᠯᠠᠨ᠂ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠠᠷᠠᠳ ᠲᠦᠮᠡᠨ ᠳᠤ | ᠲᠠᠭᠠᠰᠢᠶᠠᠭᠳᠠᠭᠰᠠᠨ ᠡᠮᠴᠢ︾᠂ ︽ᠬᠢᠩᠭᠠᠨ ᠤ ᠰᠢᠯᠢᠳᠡᠭ ᠡᠷᠡᠭᠦᠯ ᠬᠠᠮᠠᠭᠠᠯᠠᠯ ᠤᠨ ᠴᠢᠳᠠᠪᠤᠷᠢᠲᠠᠨ︾᠂ ︽ᠬᠢᠩᠭᠠᠨ ᠤ ᠰᠠᠶᠢᠨ ᠬᠥᠮᠥᠨ︾ ᠵᠡᠷᠭᠡ ᠤᠯᠠᠨ ᠢᠷᠠᠭᠤ | ᠠᠯᠳᠠᠷ ᠤᠨ ᠴᠣᠯᠠ ᠶᠢ ᠭᠥᠷᠳᠡᠭᠰᠡᠨ ᠪᠠᠶᠢᠨ᠎ᠠ᠃ ︽ᠪᠢ ᠦᠷᠭᠦᠯᠵᠢᠯᠡᠨ ᠬᠠᠮᠳᠤ ᠠᠵᠢᠯᠯᠠᠭᠰᠠᠳ ᠢᠶᠠᠨ ᠪᠦᠯᠬᠦᠮᠳᠡᠭᠦᠯᠦᠨ ᠳᠠᠭᠠᠭᠤᠯᠵᠤ᠂ ᠪᠥᠬᠦ ᠬᠤᠲᠠ ᠶᠢᠨ ᠡᠯ᠎ᠡ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠵᠢᠯᠣᠭᠤᠳᠤᠯᠭ᠎ᠠ ᠵᠢᠴᠢ ᠡᠷᠡᠭᠦᠯ ᠮᠡᠨᠳᠦ ᠶᠢᠨ ᠬᠥᠮᠦᠵᠢᠯ | ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ︾ ᠭᠡᠵᠦ ᠵᠠᠩ ᠰᠢᠶᠣᠣ ᠬᠤᠸᠠ ᠢᠳᠡᠭᠡᠯ ᠲᠡᠭᠦᠯᠳᠡᠷ ᠶᠠᠷᠢᠪᠠ᠃ |