66 ᠨᠠᠰᠤᠲᠠᠢ ᠸᠠᠩ ᠢᠦᠢ ᠹᠠ ᠬᠢᠯᠢ ᠪᠠᠨ ᠰᠠᠬᠢᠵᠤ ᠬᠢᠯᠢ ᠪᠠᠨ ᠮᠠᠨᠠᠭᠠᠳ ᠬᠤᠷᠢ ᠭᠠᠷᠤᠢ ᠵᠢᠯ ᠤᠨ ᠨᠢᠭᠤᠷ ᠢ ᠦᠵᠡᠵᠦ ᠪᠠᠶᠢᠨ᠎ᠠ᠃ ᠲᠡᠭᠦᠨ ᠤ | ᠬᠠᠪᠤᠷᠵᠢᠶ᠎ᠠ ᠨᠢ ᠬᠢᠯᠢ ᠶᠢᠨ ᠱᠤᠭᠤᠮ ᠠᠴᠠ ᠵᠥᠪᠬᠡᠨ 5 ᠺᠢᠯᠣᠮᠧᠳ᠋ᠷ ᠵᠠᠶᠢᠲᠠᠶ᠂ ᠬᠢᠯᠢ ᠨᠤᠳᠤᠭ ᠤᠨ ᠠᠯᠢᠪᠠ ᠪᠠᠶᠢᠳᠠᠯ ᠢ ᠠᠯᠠᠭᠠᠨ ᠵᠢᠷᠤᠭᠠᠰᠤ ᠪᠠᠨ ᠰᠢᠬ ᠲᠤᠳᠤᠬᠠᠨ | ᠮᠡᠳᠡᠨ᠎ᠠ᠃ 2019 ᠣᠨ ᠳᠤ ᠲᠡᠷᠡ ᠰᠠᠨᠠᠭᠠᠴᠢᠯᠠᠭ᠎ᠠ ᠠᠴᠠ ᠪᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠪᠤᠯᠵᠤ᠂ ᠬᠢᠯᠢ ᠬᠢᠵᠠᠭᠠᠷ ᠤᠷᠤᠨ ᠤ ᠠᠮᠤᠷ | ᠲᠤᠬᠳᠠᠭᠤᠨ ᠳᠤ ᠥᠪᠡᠷ ᠤᠨ ᠬᠦᠴᠦᠨ ᠴᠢᠳᠠᠯ ᠢᠶᠠᠨ ᠡᠷᠬᠦᠨ᠎ᠡ᠃ ᠸᠠᠩ ᠢᠤᠢ ᠹᠠ ᠤᠷᠢᠳ ᠬᠤᠵᠢᠳ ᠬᠢᠩᠭᠠᠨ ᠠᠶᠢᠮᠠᠭ ᠤᠨ ᠠᠷᠪᠠᠨ ᠰᠢᠯᠢᠳᠡᠭ ᠬᠢᠯᠢ ᠰᠠᠬᠢᠬᠴᠢ᠂ | ᠦᠪᠡᠷᠳᠡᠭᠡᠨ ᠵᠠᠰᠠᠬᠤ ᠤᠷᠤᠨ ᠤ ᠰᠢᠯᠢᠳᠡᠭ ᠬᠢᠯᠢ ᠰᠠᠬᠢᠬᠴᠢ᠂ ︽ᠳᠤᠮᠳᠠᠳᠤ ᠤᠯᠤᠰ ᠤᠨ ᠰᠦᠯᠵᠢᠶᠡᠨ ᠤ ᠶᠠᠪᠤᠳᠠᠯ · ᠥᠪᠥᠷ ᠮᠣᠩᠭᠤᠯ ᠢ ᠳᠣᠭᠳᠣᠯᠤᠭᠤᠯᠤᠬᠰᠠᠨ︾ | ᠠᠷᠪᠠᠨ ᠶᠡᠭᠡ ᠰᠦᠯᠵᠢᠶᠡᠨ ᠬᠥᠮᠦᠨ ᠵᠡᠷᠭᠡ ᠢᠷᠠᠭᠤ ᠠᠯᠳᠠᠷ ᠢ ᠬᠦᠷᠳᠡᠵᠦ ᠦᠩᠬᠡᠷᠡᠪᠡ᠃ 2016 ᠣᠨ ᠤ ᠡᠪᠦᠯ᠂ ᠸᠠᠩ ᠢᠦᠢ ᠹᠠ ᠬᠢᠯᠢ ᠴᠠᠭᠳᠠᠬᠤ ᠦᠶ᠎ᠡ ᠳᠤ | ᠴᠠᠰᠤᠨ ᠳᠡᠭᠡᠷᠡᠬᠢ ᠰᠡᠵᠢᠭᠯᠡᠯᠳᠡᠢ ᠬᠦᠯ ᠤᠨ ᠮᠥᠷ ᠢ ᠣᠯᠵᠤ ᠦᠵᠡᠯ᠎ᠠ᠂ ᠬᠠᠬᠢᠷ ᠡᠪᠦᠯ ᠬᠡᠨ ᠬᠦᠳᠡᠭᠡ ᠬᠡᠬᠡᠷ᠎ᠠ ᠬᠦᠶᠦᠬᠦ ᠪᠤᠢ︖ ᠣᠯᠠᠨ ᠵᠢᠯ ᠤᠨ ᠬᠢᠯᠢ ᠰᠠᠬᠢᠬᠰᠠᠨ | ᠲᠤᠷᠰᠢᠯᠭ᠎ᠠ ᠪᠠᠷ ᠢᠶᠠᠨ ᠲᠡᠷᠡ ᠲᠣᠮᠢᠯᠠᠭᠰᠠᠨ ᠰᠠᠯᠪᠤᠷᠢ ᠳᠤ ᠤᠲᠠᠰᠤ ᠠᠪᠴᠤ᠂ ᠥᠪᠡᠷ ᠢᠶᠠᠨ ᠬᠠᠷᠢᠨ ᠮᠥᠷᠳᠡᠨ ᠳᠠᠭᠠᠵᠤ᠂ ᠡᠴᠤᠰ ᠲᠡᠭᠡᠨ ᠠᠷᠠᠳ ᠤᠨ | ᠴᠠᠭᠳᠠᠭ᠎ᠠ ᠲᠠᠢ ᠬᠢᠯᠢ ᠬᠢᠵᠠᠭᠠᠷ ᠲᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ 2 ᠶᠠᠯᠠᠲᠤ ᠡᠲᠡᠭᠡᠳ ᠢ ᠪᠠᠷᠢᠪᠴᠢᠯᠠᠪᠠ᠃ | ᠸᠠᠩ ᠢᠦᠶ ᠹᠠ ᠡᠳᠦᠷ ᠪᠦᠷᠢ ᠬᠢᠯᠢ ᠶᠢᠨ ᠱᠤᠭᠤᠮ ᠢᠶᠠᠷ ᠠᠷᠪᠠᠨ ᠬᠡᠳᠦᠨ ᠺᠢᠯᠣᠮᠧᠳ᠋ᠷ ᠶᠠᠪᠤᠵᠤ᠂ ᠲᠠᠨᠢᠯ ᠪᠤᠰᠤ ᠬᠥᠮᠦᠨ ᠪᠤᠶᠤ ᠣᠨᠴᠠᠭᠠᠶ ᠤᠴᠢᠷ ᠪᠠᠶᠢᠬᠤ | ᠡᠰᠡᠬᠦ ᠶᠢ ᠦᠵᠡᠳᠡᠭ᠂ ︽ᠬᠢᠯᠢ ᠴᠠᠭᠳᠠᠬᠤ ᠨᠢ ᠬᠤᠨᠢ ᠮᠠᠯ ᠬᠠᠷᠢᠭᠤᠯᠬᠤ ᠲᠠᠢ ᠠᠳᠠᠯᠢ ᠪᠠᠷ ᠮᠢᠨᠦ ᠠᠮᠢᠳᠤᠷᠠᠯ ᠤᠨ ᠴᠢᠬᠤᠯᠠ ᠪᠥᠷᠢᠯᠳᠥᠭᠦᠨ ᠬᠡᠰᠡᠭ ᠪᠣᠯᠵᠠᠢ᠂ | ᠬᠢᠯᠢ ᠪᠠᠨ ᠰᠠᠬᠢᠨ ᠬᠠᠮᠠᠭᠠᠯᠠᠬᠤ ᠨᠢ ᠪᠢᠳᠡᠨ ᠤ ᠬᠠᠷᠢᠭᠤᠴᠠᠯᠭ᠎ᠠ ᠮᠦᠨ︾ ᠭᠡᠵᠦ ᠬᠡᠯᠡᠨ᠎ᠠ᠃ ᠷᠠᠰᠢᠶᠠᠨ ᠬᠤᠲᠠ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠡᠮᠦᠨ᠎ᠡ | ᠠᠭᠤᠯᠠ ᠶᠢᠨ ᠬᠤᠷᠮᠣᠶ ᠳᠤ ᠪᠠᠶᠢᠷᠢᠯᠠᠵᠤ᠂ ᠪᠠᠷᠠᠭᠤᠨ ᠬᠡᠰᠡᠭ ᠨᠢ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠠᠷᠢᠶᠠᠲᠤ ᠣᠷᠣᠨ ᠳᠤ 93.434 ᠺᠢᠯᠣᠮᠧᠳ᠋ᠷ ᠤᠨ | ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠲᠠᠢ᠂ ᠷᠠᠰᠢᠶᠠᠨ ᠬᠤᠳᠡ ᠶᠢᠨ ᠺᠠᠳ᠋ᠷ ᠤᠯᠠᠨ ᠲᠦᠮᠡᠨ ᠤ ᠡᠬᠡ ᠤᠯᠤᠰ ᠤᠨ ᠤᠮᠠᠷᠠᠲᠤ ᠬᠢᠯᠢ ᠢᠢᠨ ᠠᠮᠤᠷ ᠲᠦᠪᠰᠢᠨ | ᠲᠤᠬᠳᠠᠭᠤᠨ ᠢ ᠬᠠᠮᠠᠭᠠᠯᠠᠬᠤ ᠬᠠᠷᠢᠭᠤᠴᠠᠯᠭ᠎ᠠ ᠬᠦᠨᠳᠤ ᠶᠡᠭᠡ ᠪᠠᠶᠢᠳᠠᠭ᠃ ᠸᠠᠩ ᠢᠦᠶ ᠹᠠ ᠮᠡᠳᠤ ᠶᠢᠨ ᠬᠦᠮᠦᠰ ᠤᠨ ᠲᠠᠶᠢᠴᠢᠯᠠᠯᠳᠠ ᠳᠠᠭᠠᠭᠤᠯᠭ᠎ᠠ ᠳᠤᠤᠷ᠎ᠠ᠂ | ᠤᠯᠠᠮ ᠠᠴᠠ ᠣᠯᠠᠨ ᠬᠢᠯᠢ ᠶᠢᠨ ᠠᠷᠠᠳ ᠰᠠᠶᠢᠨ ᠳᠤᠷ᠎ᠠ ᠠᠴᠠ ᠪᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠢᠢᠨ ᠡᠩᠨᠡᠭᠡᠨ ᠳᠤ ᠣᠷᠣᠵᠤ᠂ ︽ᠨᠢᠭᠡ | ᠬᠢᠯᠢ ᠬᠢᠵᠠᠭᠠᠷ ᠤᠨ ᠠᠵᠢᠯᠯᠠᠬᠤ ᠴᠡᠭ ᠪᠣᠯ ᠲᠠᠷᠤᠢ ᠨᠢᠭᠡ ᠬᠠᠷᠠᠭᠤᠯ ᠤᠨ ᠭᠠᠵᠠᠷ᠂ ᠨᠢᠭᠡ ᠬᠢᠯᠢ ᠶᠢᠨ ᠠᠷᠠᠳ ᠪᠣᠯ ᠨᠢᠭᠡ ᠬᠠᠷᠠᠭᠤᠯ ᠤᠨ ᠴᠡᠷᠢᠭ ᠮᠥᠨ︾ ᠭᠡᠬᠦ | ᠬᠢᠯᠢ ᠶᠢᠨ ᠬᠠᠮᠢᠶᠠᠷᠤᠯᠳᠠ ᠶᠢᠨ ᠵᠠᠭᠪᠤᠷ ᠢ ᠪᠣᠶ ᠪᠣᠯᠭᠠᠭᠰᠠᠨ ᠪᠥᠭᠡᠳ ︽ᠤᠯᠤᠰ ᠢᠶᠠᠨ ᠬᠠᠶᠢᠷᠠᠯᠠᠬᠤ ᠬᠢᠴᠢᠶᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠢᠴᠢᠶᠡᠯ | ᠂ ᠪᠦᠯᠬᠦᠮᠳᠡᠯ ᠤᠨ ᠬᠢᠴᠢᠶᠡᠯ᠂ ᠲᠠᠯᠠᠷᠬᠠᠯ ᠤᠨ ᠬᠢᠴᠢᠶᠡᠯ︾ ᠤᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ | ᠴᠠᠬᠳᠠᠭ᠎ᠠ ᠲᠠᠢ ᠬᠠᠮᠲᠤ ᠪᠠᠷ ᠰᠤᠷᠤᠯᠴᠠᠵᠤ ᠬᠠᠷᠢᠯᠴᠠᠨ ᠬᠠᠪᠰᠤᠷᠤᠯᠴᠠᠵᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠲᠤ ᠪᠠᠷ ᠪᠠᠳᠤᠯᠠᠨ᠎ᠠ᠃ | ᠡᠳᠦᠭᠡ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ᠂ ︽ᠴᠠᠰᠤᠲᠤ ᠬᠤᠳᠠ ᠶᠢᠨ | ᠵᠢᠷᠤᠮ ᠤᠨ ᠴᠠᠭᠳᠠᠭ᠎ᠠ︾᠂ ᠺᠠᠳ᠋ᠷ ᠤᠯᠠᠨ ᠲᠦᠮᠡᠨ ᠁ ᠰᠡᠳᠭᠢᠯ ᠨᠢᠭᠡᠳᠦᠨ ᠬᠢᠯᠢ ᠬᠢᠵᠠᠭᠠᠷ ᠢᠶᠠᠨ ᠰᠠᠬᠢᠵᠤ᠂ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ | ᠬᠠᠮᠠᠭᠠᠯᠠᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠳᠠ ᠴᠢᠯᠠᠭᠤ ᠮᠡᠲᠦ ᠪᠠᠬᠢᠵᠢᠬᠦᠯᠦᠨ᠎ᠡ᠃ |