ᠷᠠᠰᠢᠶᠠᠨ ᠬᠤᠳᠡ ᠪᠣᠯ ᠤᠯᠤᠰ ᠤᠨ ᠲᠤᠳᠤᠭᠠᠳᠤ ᠶᠢᠨ ᠨᠡᠷᠡᠲᠤ ᠵᠢᠭᠤᠯᠴᠢᠯᠠᠯ ᠤᠨ ᠤᠷᠤᠨ ᠮᠦᠨ᠃ 5A ᠲᠡᠰ ᠤᠨ ᠦᠵᠡᠮᠵᠢ ᠶᠢᠨ ᠣᠷᠣᠨ ᠳᠤ ᠤᠯᠠᠨ ᠵᠢᠯ | ᠠᠵᠢᠯᠯᠠᠬᠰᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠯᠢᠦ ᠹᠧᠩ ᠯᠢ᠄ ︽ᠷᠠᠰᠢᠶᠠᠨ ᠤ ᠳᠥᠷᠪᠡᠨ ᠤᠯᠠᠷᠢᠯ ᠤᠨ ᠦᠵᠡᠮᠵᠢ ᠭᠤᠶᠤ ᠰᠠᠶᠢᠬᠠᠨ᠂ | ᠵᠢᠭᠤᠯᠴᠢᠯᠠᠬᠰᠠᠳ ᠣᠯᠠᠨ᠂ ᠪᠢᠳᠡᠨ ᠤ ᠮᠦᠷᠦᠨ ᠳᠡᠭᠡᠷᠡᠬᠢ ᠡᠭᠦᠷᠭᠡ ᠶᠡᠷᠦ ᠠᠴᠠ ᠬᠦᠨᠳᠦ︾ ᠭᠡᠵᠦ ᠶᠠᠷᠢᠨ᠎ᠠ᠃ ᠨᠢᠳᠤᠨᠤᠨ ᠤ 12 ᠰᠠᠷ᠎ᠠ ᠳᠤ᠂ ᠷᠠᠰᠢᠶᠠᠨ ᠤ ᠮᠥᠰᠥ | ᠴᠠᠰᠤᠨ ᠤ ᠨᠠᠶᠢᠷ ᠤᠨ ᠠᠵᠢᠯᠯᠠᠭ᠎ᠠ ᠶᠢᠨ ᠠᠬᠤᠢ ᠲᠠᠯᠠᠪᠠᠢ ᠳᠤ᠂ ᠯᠢᠦ ᠹᠧᠩ ᠯᠢ ᠬᠢᠷᠢᠨ ᠨᠤᠲᠤᠭᠲᠠᠶ ᠵᠢᠭᠤᠯᠴᠢᠯᠠᠬᠴᠢ ᠸᠠᠩ ᠨᠠᠰᠤᠳᠠᠨ ᠤ ᠲᠤᠰᠠᠯᠠᠮᠵᠢ ᠶᠢ ᠲᠤᠰᠪᠠ᠃ | ᠸᠠᠩ ᠨᠠᠰᠤᠳᠠᠨ ᠭᠠᠷ ᠤᠳᠠᠰᠤ ᠰᠠᠶᠢᠨ ᠬᠡᠷᠡᠭᠯᠡᠵᠦ ᠴᠢᠳᠠᠬᠤ ᠦᠭᠡᠢ ᠠᠴᠠ ᠵᠢᠭᠤᠯᠴᠢᠯᠠᠯ ᠤᠨ ᠪᠦᠯᠬᠦᠮ ᠤᠨ ᠵᠠᠮᠴᠢᠯᠠᠭᠴᠢ ᠲᠠᠢ ᠪᠠᠨ ᠬᠠᠷᠢᠯᠴᠠᠵᠤ ᠳᠡᠶᠢᠯᠬᠦ ᠦᠭᠡᠢ | ᠪᠤᠯᠵᠠᠢ᠃ | ᠯᠢᠦ ᠹᠧᠩ ᠯᠢ ᠲᠠᠷᠦ᠋ᠢᠬᠠᠨ ᠨᠠᠰᠤᠲᠠᠨ ᠤ ᠭᠠᠷ ᠤᠲᠠᠰᠤ ᠪᠠᠷ ᠵᠢᠭᠤᠯᠴᠢᠯᠠᠯ ᠤᠨ ᠪᠦᠯᠬᠦᠮ ᠤᠨ ᠵᠠᠮᠴᠢᠯᠠᠭᠴᠢ ᠲᠠᠢ ᠬᠠᠷᠢᠯᠴᠠᠵᠤ᠂ ᠨᠠᠰᠤᠲᠠᠨ ᠢ ᠬᠡᠯᠡᠯᠴᠡᠨ | ᠲᠣᠭᠲᠠᠭᠰᠠᠨ ᠭᠠᠵᠠᠷ ᠲᠤ ᠬᠦᠷᠭᠡᠪᠡ᠃ ᠵᠢᠭᠤᠯᠴᠢᠯᠠᠯ ᠤᠨ ᠪᠦᠯᠬᠦᠮ ᠢᠶᠠᠨ ᠣᠯᠤᠭᠰᠠᠨ ᠤ ᠳᠠᠷᠠᠭ᠎ᠠ᠂ ᠸᠠᠩ ᠨᠠᠰᠤᠳᠠᠨ᠄ ︽ᠷᠠᠰᠢᠶᠠᠨ ᠤ ᠦᠵᠡᠮᠵᠢ ᠨᠢ ᠭᠤᠶᠤ᠂ | ᠷᠠᠰᠢᠶᠠᠨ ᠤ ᠬᠥᠮᠦᠨ ᠨᠠᠩ ᠰᠠᠨᠠᠭ᠎ᠠ ᠰᠠᠶᠢᠳᠠᠢ︾ ᠭᠡᠵᠦ ᠰᠡᠳᠬᠢᠯ ᠲᠤᠬᠳᠤᠯᠤᠨ ᠬᠡᠯᠡᠨ᠎ᠠ᠃ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠳᠤ ᠡᠶᠢᠮᠦᠷᠬᠦᠤ | ᠵᠢᠵᠢᠭ ᠰᠡᠵᠢᠬ ᠶᠠᠪᠤᠳᠠᠯ ᠤᠯᠠᠨ ᠲᠤᠬᠢᠶᠠᠯᠳᠤᠨ᠎ᠠ᠃ ︽ᠵᠢᠭᠤᠯᠴᠢᠯᠠᠬᠰᠠᠳ᠂ ᠬᠤᠳᠠ ᠶᠢᠨ ᠠᠷᠠᠳ ᠲᠤ ᠲᠤᠰᠠᠯᠠᠮᠵᠢ ᠦᠵᠡᠬᠦᠯᠪᠡᠯ ᠮᠠᠰᠢ ᠪᠠᠶᠠᠷ ᠲᠠᠢ ᠰᠠᠨᠠᠬᠳᠠᠨ᠎ᠠ᠂ | ︿ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ﹀ ᠠᠷᠠᠳ ᠲᠦᠮᠡᠨ ᠳᠤ ᠦᠢᠯᠡᠴᠢᠯᠡᠨ᠎ᠠ︾ ᠭᠡᠵᠤ ᠯᠢᠤ ᠹᠸᠡᠭ ᠯᠢ ᠪᠤᠳᠤᠯ ᠢᠶᠠᠨ ᠲᠡᠯᠬᠡᠨ᠎ᠠ᠃ ︽ᠴᠢ ᠲᠡᠷᠭᠡ ᠪᠠᠨ | ᠵᠤᠬᠰᠤᠭᠠᠪᠠᠯ ᠪᠢ ᠵᠠᠮ ᠢ ᠴᠢᠨᠢ ᠪᠦᠭᠯᠡᠨᠠ︕︾ ᠡᠨᠡ ᠵᠢᠯ ᠤᠨ ᠬᠤᠶᠠᠳᠤᠭᠠᠷ ᠰᠠᠷ᠎ᠠ ᠶᠢᠨ ᠦᠶ᠎ᠠ ᠪᠠᠷ᠂ ᠷᠠᠰᠢᠶᠠᠨ ᠬᠤᠲᠠ ᠶᠢᠨ ᠲᠢᠶᠠᠨ ᡂᠢ ᠪᠠᠯᠭᠠᠰᠤᠨ ᠤ ᠨᠢᠭᠡᠨ | ᠪᠠᠭᠤᠳᠠᠯ ᠤᠨ ᠡᠮᠦᠨ᠎ᠠ᠂ ᠬᠤᠶᠠᠷ ᠵᠢᠯᠤᠭᠤᠴᠢ ᠲᠡᠷᠭᠡᠨ ᠵᠣᠭᠰᠣᠭᠠᠯ ᠪᠤᠯᠢᠶᠠᠯᠳᠤᠨ ᠬᠠᠰᠬᠢᠷᠠᠭᠠᠳ ᠭᠠᠷ ᠬᠦᠳᠡᠯᠬᠦ ᠰᠢᠬᠠᠵᠤ᠂ ᠮᠠᠰᠢ ᠤᠯᠠᠨ ᠵᠢᠭᠤᠯᠴᠢᠯᠠᠬᠴᠢ | ᠴᠤᠬᠯᠠᠷᠠᠪᠠ᠃ ᠵᠢᠷᠤᠮ ᠤᠨ ᠴᠠᠭᠳᠠᠭ᠎ᠠ ᠮᠤᠩ ᠹᠠᠨ ᠴᠢᠩ ᠣᠯᠵᠤ ᠦᠵᠡᠭᠰᠡᠨ ᠤ ᠳᠠᠷᠠᠭ᠎ᠠ᠂ ᠬᠤᠶᠠᠷ ᠵᠢᠯᠤᠭᠤᠴᠢ ᠶᠢ ᠢᠳᠬᠠᠬᠤ ᠳᠤ ᠬᠡᠨ ᠠᠯᠢᠨ ᠨᠢ ᠨᠠᠶᠢᠷ | ᠲᠠᠯᠪᠢᠬᠤ ᠦᠭᠡᠢ᠃ ᠬᠡᠷᠡᠭ ᠤᠴᠢᠷ ᠬᠡᠴᠡᠭᠦᠳᠡᠬᠦ ᠠᠴᠠ ᠵᠠᠶᠢᠯᠠᠰᠭᠢᠬᠦ ᠶᠢᠨ ᠲᠥᠯᠥᠭᠡ᠂ ᠮᠧᠩ ᠹᠠᠨ ᠴᠢᠩ ᠳᠠᠷᠦ᠋ᠢᠬᠠᠨ ᠲᠢᠶᠠᠨ ᠤᠤᠢ ᠬᠢᠯᠢ ᠶᠢᠨ ᠲᠣᠮᠢᠯᠠᠭᠰᠠᠨ | ᠰᠠᠯᠪᠤᠷᠢ ᠳᠤ ᠮᠡᠳᠡᠭᠳᠡᠪᠡ᠃ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠶ ᠳᠤ ᠭᠦᠷᠦᠭᠰᠡᠨ ᠤ ᠳᠠᠷᠠᠭ᠎ᠠ ᠮᠤᠩ ᠹᠠᠨ ᠴᠢᠩ ᠲᠠᠢ ᠬᠠᠮᠲᠤ ᠵᠢᠯᠤᠭᠤᠴᠢ ᠶᠢ | ᠢᠳᠬᠠᠬᠤ ᠶᠢᠨ ᠬᠠᠮᠲᠤ ᠡᠷᠬᠢᠨ ᠲᠣᠭᠤᠷᠢᠨ ᠠᠴᠠ ᠲᠡᠷᠭᠡᠨ ᠵᠣᠭᠰᠣᠭᠠᠯ ᠡᠷᠢᠵᠤ᠂ ᠲᠡᠷᠭᠡ ᠵᠣᠭᠰᠣᠬᠤ ᠠᠰᠠᠭᠤᠳᠠᠯ ᠢ ᠰᠢᠢᠳᠪᠦᠷᠢᠯᠡᠵᠦ᠂ ᠵᠦᠷᠢᠴᠡᠯ | ᠰᠢᠷᠦᠭᠦᠰᠬᠦ ᠠᠴᠠ ᠵᠠᠶᠢᠯᠠᠰᠬᠢᠪᠠ᠃ | ᠤᠷᠢᠳᠴᠢᠯᠠᠨ ᠰᠡᠷᠭᠡᠶᠢᠯᠡᠬᠦ ᠠᠵᠢᠯ ᠢ ᠰᠠᠨᠠᠭᠠᠴᠢᠯᠠᠭ᠎ᠠ ᠲᠠᠢ ᠪᠦᠳᠦᠮᠵᠢᠳᠡᠢ ᠬᠢᠵᠦ᠂ ᠵᠥᠷᠢᠴᠡᠯ ᠢ ᠴᠢᠷᠮᠠᠶᠢᠨ ᠨᠠᠮᠳᠠᠭᠤᠯᠵᠤ᠂ ᠵᠢᠭᠤᠷᠠᠯᠳᠤᠭᠠᠨ ᠢ ᠲᠤᠬᠠᠢ ᠶᠢᠨ | ᠭᠠᠵᠠᠷ ᠲᠤᠨᠢ ᠰᠢᠢᠳᠪᠦᠷᠢᠯᠡᠨ᠎ᠠ᠂ ᠡᠨᠡ ᠪᠣᠯ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾ ᠶᠢᠨ ᠴᠠᠭᠳᠠᠭᠠᠨ ᠤ ᠶᠠᠪᠤᠳᠠᠯ ᠢ ᠤᠷᠢᠳᠴᠢᠯᠠᠨ ᠰᠡᠷᠭᠡᠶᠢᠯᠡᠬᠦ | ᠬᠦᠴᠦᠨ ᠪᠦᠬᠦᠢ ᠦᠢᠯᠡᠳᠦᠯᠭᠡ ᠪᠣᠯᠤᠨ᠎ᠠ᠃ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠲᠢᠶᠠᠨ ᡂᠢ ᠬᠤᠪᠢᠶᠠᠷᠢ ᠨᠡᠶᠢᠭᠡᠮᠯᠢᠭ ᠲᠤ 3 ᠰᠠᠯᠠᠭ᠎ᠠ ︽ | ᠵᠢᠷᠤᠮ ᠤᠨ ᠴᠠᠭᠳᠠᠭ᠎ᠠ ᠶᠢᠨ ᠲᠣᠭᠤᠷᠢᠨ ᠴᠠᠭᠳᠠᠬᠤ ᠠᠩᠭᠢ︾ ᠪᠠᠶᠢᠵᠤ᠂ ︽1 ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ + 1 ᠵᠢᠷᠤᠮ ᠤᠨ | ᠴᠠᠭᠳᠠᠭ᠎ᠠ ᠶᠢᠨ ᠲᠣᠭᠤᠷᠢᠨ ᠴᠠᠭᠳᠠᠬᠤ ᠠᠩᠭᠢ︾ ᠶᠢᠨ ᠠᠷᠭ᠎ᠠ ᠬᠡᠯᠪᠡᠷᠢ ᠶᠢ ᠠᠪᠴᠤ᠂ ᠬᠠᠷᠢᠶᠠᠲᠤ ᠣᠷᠣᠨ ᠤ ᠬᠥᠮᠦᠨ ᠬᠠᠷ᠎ᠠ ᠴᠤᠬᠯᠠᠷᠠᠬᠰᠠᠨ ᠣᠷᠣᠨ ᠪᠦᠰᠡ ᠳᠤ | ᠲᠣᠭᠤᠷᠢᠨ ᠴᠠᠭᠳᠠᠬᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ᠃ ᠡᠭᠦᠨ ᠠᠴᠠ ᠭᠠᠳᠠᠨ᠎ᠠ᠂ ᠲᠣᠭᠤᠷᠢᠨ ᠴᠠᠭᠳᠠᠬᠤ ᠠᠩᠭᠢ ᠪᠦᠷᠢ ᠳᠤ 5 ᠲᠤᠰᠬᠠᠶ ᠪᠤᠶᠤ | ᠲᠤᠰᠢᠶᠠᠯ ᠬᠠᠪᠰᠤᠷᠭᠠᠭᠰᠠᠨ ᠡᠶᠡᠳᠡᠭᠦᠯᠦᠭᠴᠢ ᠲᠣᠬᠢᠷᠠᠭᠤᠯᠵᠤ᠂ ᠠᠵᠢᠯ ᠤᠨ ᠳᠤᠮᠳᠠ ᠪᠠᠨ ︽ᠠᠷᠠᠳ ᠤᠨ ᠴᠠᠭᠳᠠᠭ᠎ᠠ + ᠵᠢᠷᠤᠮ ᠤᠨ ᠴᠠᠭᠳᠠᠭ᠎ᠠ︾ ᠶᠢᠨ ᠠᠵᠢᠯ ᠤᠨ | ᠠᠷᠭ᠎ᠠ ᠶᠢ ᠬᠡᠷᠡᠭᠵᠢᠭᠦᠯᠵᠦ᠂ ᠵᠢᠷᠤᠮ ᠤᠨ ᠴᠠᠭᠳᠠᠭ᠎ᠠ ᠶᠢᠨ ︽ᠬᠥᠮᠦᠨ ᠢ ᠲᠠᠨᠢᠬᠤ᠂ ᠭᠠᠵᠠᠷ ᠢ ᠮᠡᠳᠡᠬᠦ᠂ ᠪᠠᠶᠢᠳᠠᠯ ᠢ ᠤᠶᠢᠯᠠᠭᠠᠬᠤ︾ ᠳᠠᠪᠠᠭᠤᠯᠢᠭ ᠪᠤᠯᠤᠨ | ᠠᠷᠠᠳ ᠤᠨ ᠴᠠᠭᠳᠠᠭ᠎ᠠ ᠶᠢᠨ ︽ᠬᠠᠤᠯᠢ ᠶᠢ ᠮᠡᠳᠡᠬᠦ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠡᠶᠡᠳᠡᠭᠦᠯᠵᠦ ᠴᠢᠳᠠᠬᠤ︾ ᠳᠠᠪᠠᠭᠤᠯᠢᠭ ᠲᠠᠢ ᠤᠶᠠᠯᠳᠤᠭᠤᠯᠵᠤ᠂ | ︽︵1 + 1﹀ 2︾ ᠦᠷ᠎ᠡ ᠪᠦᠲᠦᠮᠵᠢ ᠳᠤ ᠬᠦᠷᠪᠡ᠃ |