● ᠰᠤᠷᠪᠤᠯᠵᠢᠯᠠᠭᠴᠢ ᠤᠷᠠᠨᠳᠤᠳᠢ ᠱᠤᠸᠠᠩ ᠴᠢᠥᠸᠠᠨ | ᠳᠡᠯᠭᠡᠷ ᠵᠤᠨ ᠤ ᠰᠠᠶᠢᠬᠠᠨ ᠤᠯᠠᠷᠢᠯ ᠳᠤ᠂ ᠪᠢᠳᠡ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠥᠨ ᠳᠤ ᠰᠤᠷᠪᠤᠯᠵᠢᠯᠠᠬᠤ ᠪᠠᠷ ᠬᠦᠷᠥᠭᠡᠳ᠂ ᠬᠤᠷᠴᠢᠨ ᠠᠷᠠᠳ ᠤᠨ | ᠳᠠᠭᠤᠤ᠂ ᠦᠯᠢᠭᠡᠷ ᠬᠤᠭᠤᠷ ᠤᠨ ᠤᠷᠠᠯᠢᠬ ᠢᠶᠠᠨ ᠰᠠᠶᠢᠬᠠᠨ ᠬᠦᠭᠵᠢᠬᠦᠯᠦᠨ ᠤᠯᠠᠮᠵᠢᠯᠠᠵᠤ ᠶᠠᠪᠤᠭ᠎ᠠ ᠪᠠᠢ ᠱᠠᠨ ᠬᠣ᠋ ᠨᠠᠰᠥᠳᠠᠨ ᠲᠠᠢ ᠲᠠᠨᠢᠯᠴᠠᠪᠠ᠃ ᠪᠠᠢ ᠱᠠᠨ ᠬᠣ᠋ | ᠪᠤᠯ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠥᠨ ᠤ ᠵᠢᠥ ᠢ ᠭᠠᠴᠠᠭ᠎ᠠ ᠪᠠᠷ ᠨᠤᠳᠤᠭᠳᠠᠢ᠂ ᠬᠠᠷᠠᠬᠠᠨ ᠪᠠᠭ᠎ᠠ ᠠᠴᠠ ᠪᠠᠨ ᠡᠪᠦᠭᠡ ᠠᠴᠠ ᠪᠠᠨ ᠲᠦᠷᠪᠡᠨ ᠤᠳᠠᠰᠥᠳᠥ | ᠬᠤᠭᠤᠷ ᠬᠦᠭᠵᠢᠮᠳᠡᠬᠦ ᠶᠢ ᠰᠤᠷᠴᠤ᠂ ᠨᠤᠳᠤᠭ ᠤᠨ ᠡᠪᠤᠭᠡᠴᠤᠤᠯ ᠬᠤᠭᠤᠷ ᠬᠦᠭᠵᠢᠮ ᠬᠦᠭᠯᠡᠬᠦᠯᠬᠦ ᠪᠤᠯᠭᠠᠨ ᠬᠠᠵᠠᠭᠤ ᠳᠤ ᠨᠢ ᠰᠠᠭᠤᠵᠤ᠂ ᠨᠠᠷᠢᠯᠢᠭ ᠰᠤᠨᠤᠰᠴᠤ᠂ | ᠰᠤᠷᠴᠤ ᠡᠵᠡᠮᠰᠢᠵᠤ ᠪᠠᠶᠢᠵᠠᠢ᠃ ᠦᠭᠡᠯᠡᠢ ᠪᠤᠯᠬᠤ ᠶᠢ ᠳᠠᠭᠠᠯᠳᠥᠨ᠂ ᠳᠡᠷᠡ ᠬᠤᠭᠤᠷ ᠬᠦᠭᠵᠢᠮ ᠢ ᠰᠢᠰᠳ᠋ᠲ᠋ᠧᠮ ᠲᠠᠢ ᠰᠤᠷᠬᠤ ᠪᠤᠳᠤᠯ ᠤᠷᠤᠭᠠᠳ ᠤᠯᠤᠰ ᠤᠨ | ᠨᠢᠭᠡᠳᠥᠭᠡᠷ ᠳᠡᠰ ᠤᠨ ᠲᠤᠭᠯᠠᠭᠴᠢ ᠠᠭᠤᠯᠠ ᠪᠠᠭᠰᠢ ᠠᠴᠠ ᠠᠷᠠᠳ ᠤᠨ ᠳᠠᠭᠤᠤ ᠳᠠᠭᠤᠯᠠᠬᠤ᠂ ᠲᠦᠷᠪᠡᠨ ᠤᠳᠠᠰᠥᠳᠥ ᠬᠤᠭᠤᠷ ᠬᠦᠭᠵᠢᠮᠳᠡᠬᠦ ᠡᠷᠳᠡᠮ ᠢ ᠨᠠᠷᠢᠯᠢᠭ | ᠰᠤᠷᠤᠭᠰᠠᠨ ᠪᠠᠶᠢᠨ᠎ᠠ᠃ ᠪᠠᠢ ᠱᠠᠨ ᠬᠣ᠋ ᠪᠤᠯ ᠭᠡᠭᠡᠨᠰᠦ᠋ᠮ᠎ᠠ ᠭᠤᠤᠯ ᠪᠠᠭ᠎ᠠ ᠰᠤᠷᠭᠠᠭᠤᠯᠢ ᠠᠴᠠ ᠠᠵᠢᠯ ᠤᠨ ᠠᠮᠠᠷᠠᠯᠳᠠ ᠪᠠᠨ ᠠᠪᠤᠭᠰᠠᠨ ᠪᠠᠭᠰᠢ ᠪᠤᠯᠤᠨ᠎ᠠ᠃ 29 ᠵᠢᠯ | ᠭᠠᠷᠤᠢ ᠪᠠᠭᠰᠢᠯᠠᠵᠤ ᠪᠠᠶᠢᠭ᠎ᠠ ᠬᠤᠭᠤᠴᠠᠭᠠᠨ ᠳᠤ ᠪᠠᠨ ᠳᠡᠷᠡ ᠬᠤᠭᠤᠷ ᠬᠦᠭᠵᠢᠮ ᠢᠶᠠᠨ ᠪᠤᠯᠪᠠᠰᠤᠷᠠᠩᠭᠤᠢ ᠬᠦᠭᠵᠢᠮᠳᠡᠨ᠂ ᠤᠯᠠᠨ ᠰᠢᠯᠢᠳᠡᠭ ᠰᠤᠷᠤᠭᠴᠢ | ᠬᠦᠮᠥᠵᠢᠬᠦᠯᠬᠦ ᠶᠢᠨ ᠳᠠᠭᠠᠥ᠂ ᠰᠤᠷᠤᠭᠴᠢᠳ ᠲᠤ ᠪᠠᠨ ᠴᠤ ᠦᠨ᠎ᠡ ᠲᠦᠯᠥᠪᠤᠷᠢ ᠦᠬᠡᠢ ᠪᠠᠷ ᠬᠤᠭᠤᠷ ᠳᠠᠳᠠᠬᠤ᠂ ᠠᠷᠠᠳ ᠤᠨ ᠳᠠᠭᠤᠤ ᠳᠠᠭᠤᠯᠠᠬᠤ ᠮᠡᠷᠭᠡᠵᠢᠯ ᠢ | ᠰᠠᠶᠢᠳᠥᠷ ᠵᠢᠭᠠᠵᠤ ᠦᠭᠬᠦᠭᠰᠡᠨ ᠶᠤᠮ᠃ ᠪᠠᠢ ᠱᠠᠨ ᠬᠣ᠋ 2012 ᠤᠨ ᠳᠤ ᠠᠶᠢᠮᠠᠭ ᠤᠨ ᠳᠡᠰ ᠤᠨ ᠠᠷᠠᠳ ᠤᠨ ᠳᠠᠭᠤᠤ ᠶᠢᠨ ᠪᠤᠳᠠᠰ ᠤᠨ ᠪᠤᠰᠥ ᠰᠤᠶᠤᠯ ᠤᠨ | ᠦᠪ ᠤᠨ ᠦᠪᠯᠡᠨ ᠤᠯᠠᠮᠵᠢᠯᠠᠭᠴᠢ ᠪᠠᠷ ᠦᠨᠡᠯᠡᠭᠳᠡᠪᠡ᠃ | ᠪᠠᠢ ᠱᠠᠨ ᠬᠣ᠋ 2016 ᠤᠨ ᠳᠤ ᠠᠵᠢᠯ ᠤᠨ ᠠᠮᠠᠷᠠᠯᠳᠠ ᠪᠠᠨ ᠠᠪᠤᠭᠰᠠᠨ ᠤ ᠳᠠᠷᠠᠭ᠎ᠠ ︽ᠠᠭᠤᠯᠠ ᠤᠷᠠᠯᠢᠭ ᠤᠨ ᠰᠤᠷᠭᠠᠭᠤᠯᠢ ᠶᠢᠨ ᠲᠦᠷᠪᠡᠨ ᠤᠳᠠᠰᠥᠳᠥ | ᠬᠤᠭᠤᠷ ᠤᠨ ᠪᠤᠯᠪᠠᠰᠤᠷᠠᠯ ᠤᠨ ᠰᠠᠭᠤᠷᠢᠨ︾ ᠤ ᠤᠷᠠᠯᠢᠭ ᠤᠨ ᠪᠦᠯᠬᠦᠮ ᠤᠨ ᠨᠢᠭᠡ ᠬᠡᠰᠢᠬᠦᠨ ᠪᠤᠯᠵᠤ᠂ ᠤᠶᠢᠷ᠎ᠠ ᠬᠠᠪᠢ ᠶᠢᠨ ᠭᠠᠴᠠᠭ᠎ᠠ ᠲᠤᠰᠬᠤᠨ ᠤ | ᠬᠡᠥᠭᠡᠳ ᠤᠳ ᠲᠤ ᠰᠥᠢᠳᠭᠡᠯ ᠬᠤᠷᠢᠶᠠᠬᠤ ᠦᠬᠡᠢ ᠪᠠᠷ ᠬᠤᠷᠴᠢᠨ ᠠᠷᠠᠳ ᠤᠨ ᠳᠠᠭᠤᠤ᠂ ᠲᠦᠷᠪᠡᠨ ᠤᠳᠠᠰᠥᠳᠥ ᠬᠤᠭᠤᠷ ᠵᠡᠷᠭᠡ ᠶᠢ ᠵᠢᠭᠠᠵᠤ ᠦᠭᠬᠦᠭᠰᠡᠨ ᠪᠠᠶᠢᠨ᠎ᠠ | ᠃ | ᠪᠠᠶᠠᠷ ᠳᠤᠷᠠᠰᠬᠠᠯ ᠤᠨ ᠡᠳᠥᠷ ᠡᠰᠡᠬᠦᠯ᠎ᠡ ᠡᠪᠤᠯ ᠵᠤᠨ ᠤ ᠠᠮᠠᠷᠠᠯᠳᠠ ᠪᠤᠯᠤᠭᠰᠠᠭᠠᠷ ᠪᠠᠢ ᠱᠠᠨ ᠬᠣ᠋ ᠨᠤᠳᠤᠭ ᠤᠨ ᠢᠶᠠᠨ ᠲᠦᠷᠪᠡᠨ ᠤᠳᠠᠰᠥᠳᠥ ᠬᠤᠭᠤᠷ ᠪᠠ | ᠬᠤᠷᠴᠢᠨ ᠠᠷᠠᠳ ᠤᠨ ᠳᠠᠭᠤᠤ ᠳᠤ ᠪᠠᠨ ᠠᠪᠢᠶᠠᠰ ᠲᠠᠢ ᠬᠡᠳᠥᠨ ᠨᠠᠰᠥᠳᠠᠨ ᠲᠠᠢ ᠪᠠᠨ ᠬᠠᠮᠳᠥ ᠤᠷᠠᠨ ᠰᠠᠶᠢᠬᠠᠨ ᠤ ᠲᠤᠭᠯᠠᠯᠳᠠ ᠭᠠᠷᠭᠠᠵᠤ ᠶᠠᠪᠤᠳᠠᠭ᠃ ︽ᠪᠢ | ᠠᠭᠤᠯᠠ ᠵᠡᠷᠭᠡ ᠪᠠᠭᠰᠢ ᠨᠠᠷ ᠲᠠᠢ ᠬᠠᠮᠳᠥ ᠡᠮᠥᠨ᠎ᠡ ᠬᠡᠳᠥᠨ ᠵᠢᠯ ᠶᠠᠪᠤᠭᠳᠠᠭᠰᠠᠨ ᠬᠢᠨᠭ᠍ᠭᠠᠨ ᠠᠶᠢᠮᠠᠭ ᠤᠨ ᠴᠠᠭᠠᠨ ᠰᠠᠷ᠎ᠠ ᠶᠢᠨ ᠦᠳᠡᠰᠢᠯᠡᠭᠡ ᠳᠤ ᠬᠤᠭᠤᠷ ᠤᠨ | ᠦᠯᠢᠭᠡᠷ ᠤᠨ ᠲᠤᠭᠯᠠᠯᠳᠠ ᠭᠠᠷᠭᠠᠭᠰᠠᠨ ᠦᠡᠭᠭᠡᠷᠡᠯᠳᠡ ᠲᠠᠢ᠂ ᠠᠶᠢᠮᠠᠭ ᠤᠨ ᠳᠤᠳᠤᠨ᠎ᠠ ᠭᠠᠳᠠᠨᠠᠬᠢ ᠬᠤᠷᠴᠢᠨ ᠠᠷᠠᠳ ᠤᠨ ᠳᠠᠭᠤᠤ ᠶᠢᠨ ᠤᠷᠤᠯᠳᠤᠭᠠᠨ ᠳᠤ | ᠤᠷᠤᠯᠴᠠᠭᠠᠳ ᠮᠦᠨ ᠤᠯᠠᠨ ᠤᠳᠠᠭ᠎ᠠ ᠰᠢᠯᠢᠳᠡᠭ ᠬᠢᠷᠢ ᠪᠦᠳᠥᠮᠵᠢ ᠤᠯᠵᠤ ᠦᠡᠭᠭᠡᠷᠡᠪᠡ᠃ ᠬᠤᠷᠴᠢᠨ ᠠᠷᠠᠳ ᠤᠨ ᠳᠠᠭᠤᠤ ᠪᠠ ᠲᠦᠷᠪᠡᠨ ᠤᠳᠠᠰᠥᠳᠥ | ᠬᠤᠭᠤᠷ ᠢᠶᠠᠨ ᠬᠤᠶᠢᠴᠢ ᠦᠶ᠎ᠡ ᠳᠤ ᠪᠠᠨ ᠤᠯᠠᠮ ᠰᠠᠶᠢᠨ ᠤᠯᠠᠮᠵᠢᠯᠠᠬᠤ ᠪᠠᠷ᠂ ᠪᠢ ᠭᠡᠭᠡᠨᠰᠦ᠋ᠮ᠎ᠠ ᠭᠤᠤᠯ ᠪᠠᠭ᠎ᠠ ᠰᠤᠷᠭᠠᠭᠤᠯᠢ ᠳᠤ ᠪᠠᠭᠰᠢᠯᠠᠵᠤ ᠪᠠᠶᠢᠭ᠎ᠠ | ᠬᠤᠭᠤᠴᠠᠭᠠᠨ ᠳᠤ ᠪᠠᠨ ᠬᠡᠥᠭᠡᠳ ᠤᠳ ᠲᠤ ᠲᠤᠰᠬᠠᠶᠢᠯᠠᠨ ᠬᠢᠴᠢᠶᠡᠯ ᠤᠷᠤᠵᠤ ᠪᠠᠶᠢᠭᠰᠠᠨ᠃ ᠬᠡᠥᠭᠡᠳ ᠲᠤ ᠲᠦᠷᠪᠡᠨ ᠤᠳᠠᠰᠥᠳᠥ ᠬᠤᠭᠤᠷ ᠢ ᠬᠡᠷᠬᠢᠨ ᠬᠦᠭᠵᠢᠮᠳᠡᠬᠦ | ᠦᠨᠳᠥᠰᠥᠨ ᠮᠡᠳᠡᠯᠭᠡ ᠶᠢ ᠵᠢᠭᠠᠳᠠᠭ᠂ ᠤᠳᠥ ᠮᠢᠨᠤ ᠵᠢᠭᠠᠵᠤ ᠦᠡᠭᠭᠡᠷᠡᠭᠰᠡᠨ ᠰᠤᠷᠤᠭᠴᠢᠳ ᠭᠠᠴᠠᠭ᠎ᠠ ᠲᠤᠰᠬᠤᠨ ᠤ ᠪᠠᠨ ᠤᠷᠠᠨ ᠰᠠᠶᠢᠬᠠᠨ ᠤ ᠲᠤᠭᠯᠠᠯᠳᠠ ᠳᠤ | ᠤᠷᠤᠯᠴᠠᠵᠤ᠂ ᠦᠪᠡᠷ ᠦᠪᠡᠷ ᠤᠨ ᠤᠷ᠎ᠠ ᠠᠪᠢᠶᠠᠰ ᠢᠶᠠᠨ ᠪᠠᠳᠠᠷᠠᠭᠤᠯᠵᠤ ᠪᠠᠶᠢᠨ᠎ᠠ᠃ ᠡᠷᠳᠡ ᠳᠡᠭᠡᠳᠥ ᠠᠴᠠ ᠤᠯᠠᠮᠵᠢᠯᠠᠵᠤ ᠢᠷᠡᠭᠰᠡᠨ ᠦᠨᠡᠳᠥ ᠰᠤᠶᠤᠯ ᠢᠶᠠᠨ | ᠬᠤᠶᠢᠴᠢ ᠦᠶ᠎ᠡ ᠳᠤ ᠪᠠᠨ ᠤᠯᠠᠮᠵᠢᠯᠠᠵᠤ ᠵᠠᠯᠭᠠᠮᠵᠢᠯᠠᠵᠤ ᠶᠠᠪᠤᠬᠤ ᠪᠤᠯ ᠮᠢᠨᠤ ᠳᠠᠷᠬᠠᠨ ᠡᠬᠦᠷᠭᠡ ᠶᠤᠮ ᠡ︾ ᠭᠡᠵᠤ ᠪᠠᠢ ᠱᠠᠨ ᠬᠣ᠋ ᠰᠤᠷᠪᠤᠯᠵᠢᠯᠠᠭᠴᠢ ᠳᠤ ᠬᠡᠯᠡᠪᠡ᠃ | ᠪᠠᠢ ᠱᠠᠨ ᠬᠣ᠋ ᠪᠠᠭᠰᠢ ᠪᠤᠯ ᠤᠷᠠᠯᠢᠭ ᠤᠨ ᠳᠠᠯ᠎ᠠ ᠪᠠᠷ ᠤᠨᠴᠠ ᠶᠢᠨ ᠤᠷ᠎ᠠ ᠠᠪᠢᠶᠠᠰ ᠲᠠᠢ ᠬᠦᠮᠥᠨ᠂ ᠳᠡᠬᠦᠨ ᠤ ᠭᠡᠷ ᠲᠤ ᠨᠢ ᠲᠦᠷᠪᠡᠨ ᠤᠳᠠᠰᠥᠳᠥ ᠬᠤᠭᠤᠷ᠂ | ᠮᠤᠷᠢᠨ ᠬᠤᠭᠤᠷ᠂ ᠡᠯᠧᠺᠳ᠋ᠷᠤᠨ ᠬᠦᠭᠵᠢᠮ ᠵᠡᠷᠭᠡ ᠬᠦᠭᠵᠢᠮ ᠤᠨ ᠪᠠᠭᠠᠵᠢ ᠦᠷᠥᠭᠡ ᠲᠦᠬᠦᠷᠡᠩ ᠳᠠᠯᠪᠢᠭᠠᠰᠤᠳᠠᠢ᠃ ᠮᠦᠨ ᠠᠶᠢᠮᠠᠭ ᠤᠨ ᠳᠡᠰ ᠤᠨ ᠠᠷᠠᠳ ᠤᠨ | ᠳᠠᠭᠤᠤ ᠶᠢᠨ ᠪᠤᠳᠠᠰ ᠤᠨ ᠪᠤᠰᠥ ᠰᠤᠶᠤᠯ ᠤᠨ ᠦᠪ ᠤᠨ ᠦᠪᠯᠡᠨ ᠤᠯᠠᠮᠵᠢᠯᠠᠭᠴᠢ᠂ ᠬᠤᠷᠴᠢᠨ ᠠᠷᠠᠳ ᠤᠨ ᠳᠠᠭᠤᠤ ᠶᠢᠨ ᠤᠷᠤᠯᠳᠤᠭᠠᠨ ᠤ ᠰᠢᠯᠢᠳᠡᠭ ᠱᠠᠩᠨᠠᠯ ᠵᠡᠷᠭᠡ | ᠦᠨᠡᠮᠯᠡᠯ ᠤᠨ ᠳᠡᠪᠳᠡᠷ ᠨᠢ ᠠᠪᠳᠠᠷ᠎ᠠ ᠲᠦᠬᠦᠷᠡᠩ ᠤᠪᠤᠭᠠᠯᠠᠰᠤᠳᠠᠢ᠃ | ᠪᠠᠢ ᠱᠠᠨ ᠬᠣ᠋ ᠪᠠᠭᠰᠢ ᠬᠡᠳᠦ᠋ᠢᠪᠡᠷ ᠠᠵᠢᠯ ᠤᠨ ᠠᠮᠠᠷᠠᠯᠳᠠ ᠪᠠᠨ ᠠᠪᠤᠭᠰᠠᠨ ᠴᠤ ᠰᠤᠶᠤᠯ ᠤᠷᠠᠯᠢᠭ ᠲᠤ ᠪᠠᠨ ᠬᠠᠶᠢᠷᠠᠳᠠᠢ ᠪᠠᠶᠢᠭ᠎ᠠ ᠰᠡᠳᠬᠢᠯᠭᠡ ᠨᠢ ᠦᠴᠥᠭᠡᠨ | ᠴᠤ ᠪᠠᠭᠤᠷᠠᠭᠰᠠᠨ ᠦᠬᠡᠢ᠂ ᠮᠦᠨ ᠯᠡ ᠡᠬᠦᠨ ᠢ ᠪᠠᠨ ᠰᠠᠶᠢᠳᠥᠷ ᠤᠯᠠᠮᠵᠢᠯᠠᠵᠤ ᠬᠦᠭᠵᠢᠬᠦᠯᠤᠶᠡ ᠭᠡᠰᠡᠨ ᠵᠤᠷᠢᠭ ᠢᠶᠠᠷ᠂ ᠰᠤᠶᠤᠯ ᠤᠷᠠᠯᠢᠭ ᠤᠨ ᠨᠠᠶᠢᠷ ᠲᠤ | ᠢᠳᠡᠪᠬᠢᠳᠡᠢ ᠤᠷᠤᠯᠴᠠᠵᠤ᠂ ᠦᠳᠡᠯᠥᠭᠡ ᠨᠠᠰᠥᠨ ᠤ ᠢᠯᠴᠢ ᠪᠠᠨ ᠪᠠᠳᠠᠷᠠᠭᠤᠯᠵᠤ ᠶᠠᠪᠤᠭ᠎ᠠ ᠪᠢᠯᠠ᠃ | |