ᠢᠦᠢ ᠸᠧᠢ ᠫᠧᠩ᠂ ᠡᠮᠡᠭᠲᠡᠢ᠂ 1981 ᠣᠨ ᠤ 7 ᠰᠠᠷ᠎ᠠ ᠳᠤ ᠲᠥᠷᠥᠵᠡᠢ᠂ 2005 ᠣᠨ ᠤ 4 ᠰᠠᠷ᠎ᠠ ᠳᠤ ᠨᠡᠶᠢᠭᠡᠮ ᠲᠣᠭᠤᠷᠢᠭ ᠲᠤ ᠣᠷᠣᠵᠤ | ᠠᠵᠢᠯᠯᠠᠪᠠ᠂ ᠣᠳᠣ ᠬᠠᠨ ᠠᠭᠤᠯᠠ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ᠂ 2024 | ᠣᠨ ᠤ 6 ᠰᠠᠷ᠎ᠠ ᠳᠤ ᠬᠢᠩᠭᠠᠨ ᠠᠶᠢᠮᠠᠭ ᠤᠨ ᠰᠢᠯᠢᠳᠡᠭ ᠨᠠᠮ ᠤᠨ ᠠᠵᠢᠯ ᠤᠨ ᠠᠵᠢᠯᠲᠠᠨ ᠢᠶᠠᠷ ᠰᠣᠩᠭᠤᠭᠳᠠᠪᠠ᠃ ᠢᠦᠢ ᠸᠧᠢ ᠫᠧᠩ ᠤᠷᠢᠳ ᠬᠤᠵᠢᠳ ︽ | ᠬᠤᠰᠢᠭᠤᠨ ᠳᠡᠰ ᠤᠨ ᠰᠢᠯᠢᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ︾᠂ ︽ᠬᠢᠩᠭᠠᠨ ᠠᠶᠢᠮᠠᠭ ᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠲᠡᠷᠢᠭᠦᠨ ᠤ ᠠᠵᠢᠯᠲᠠᠨ︾᠂ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠤᠪᠢ ᠬᠥᠮᠦᠨ︾᠂ ︽ᠬᠠᠮᠤᠭ ᠤᠨ ᠭᠤᠶᠣ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯᠲᠠᠨ︾᠂ ᠬᠢᠩᠭᠠᠨ ᠠᠶᠢᠮᠠᠭ ᠤᠨ ︽ᠭᠠᠵᠢᠭᠤ | ᠨᠣᠮᠯᠠᠯ ᠦᠭᠡᠢ ᠲᠡᠷᠢᠭᠦᠨ ᠤ ᠬᠤᠪᠢ ᠬᠥᠮᠦᠨ ᠢ ᠡᠭᠦᠳᠦᠨ ᠪᠠᠶᠢᠭᠤᠯᠬᠤ︾᠂ ︽ᠬᠢᠩᠭᠠᠨ ᠠᠶᠢᠮᠠᠭ ᠤᠨ ︽3 · 8 ᠤ ᠤᠯᠠᠭᠠᠨ ᠲᠤᠭᠴᠢ︾ ᠵᠡᠷᠭᠡ ᠢᠷᠠᠭᠤ | ᠠᠯᠳᠠᠷ ᠤᠨ ᠴᠣᠯᠠ ᠶᠢ ᠬᠦᠷᠲᠡᠪᠡ᠃ | ᠢᠦᠢ ᠸᠧᠢ ᠫᠧᠩ ︽ᠳᠥᠷᠪᠡᠨ ᠪᠢᠴᠢᠯ ᠵᠠᠰᠠᠯᠲᠠ︾ ᠶᠢᠨ ᠨᠡᠷᠡᠲᠦ ᠲᠡᠮᠳᠡᠭ ᠢ ᠢᠳᠡᠪᠬᠢᠲᠡᠢ ᠡᠭᠦᠳᠴᠦ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ | ᠬᠥᠲᠥᠯᠥᠨ ᠳᠠᠭᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠰᠡᠳᠬᠢᠯ ᠨᠢᠭᠡᠳᠴᠦ᠂ ᠨᠡᠶᠢᠭᠡᠮ ᠤᠨ ᠬᠦᠴᠦᠨ ᠣᠷᠣᠯᠴᠠᠵᠤ ᠬᠠᠮᠲᠤ ᠪᠠᠷ | ᠰᠦᠪᠡᠭᠴᠢᠯᠡᠭᠰᠡᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠠᠮ ᠤᠨ ᠪᠠᠶᠢᠭᠤᠯᠤᠯᠲᠠ ᠳᠤ ᠣᠷᠣᠯᠴᠠᠭᠰᠠᠨ ᠰᠢᠨ᠎ᠡ ᠪᠠᠶᠢᠷᠢᠰᠢᠯ ᠢ ᠪᠣᠢ | ᠪᠣᠯᠭᠠᠪᠠ᠃ ᠨᠠᠮ ᠤᠨ ᠲᠥᠯᠥᠭᠡᠯᠡᠭᠴᠢ ᠶᠢᠨ ᠠᠵᠢᠯᠯᠠᠬᠤ ᠲᠠᠰᠤᠭ ᠢ ᠪᠠᠶᠢᠭᠤᠯᠵᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠰᠡᠳᠬᠢᠯ ᠲᠠᠯᠪᠢᠨ ᠬᠦᠴᠦᠯᠡᠨ ᠰᠢᠢᠳᠪᠦᠷᠢᠯᠡᠨ᠎ᠡ︔ ︽15 ᠮᠢᠨᠦ᠋ᠲ ᠤᠨ ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠵᠤ᠂ ᠰᠠᠭᠤᠭᠠᠯᠢ ᠠᠷᠠᠳ ᠲᠠᠢ | ᠨᠢᠭᠲᠠ ᠬᠤᠯᠪᠣᠭ᠎ᠠ ᠲᠠᠢ ᠠᠮᠢᠳᠤᠷᠠᠯ ᠤᠨ ᠢᠵᠢ ᠪᠦᠷᠢᠳᠦᠭᠰᠡᠨ ᠦᠢᠯᠡᠴᠢᠯᠡᠭᠡᠨ ᠤ ᠲᠠᠯᠠᠪᠤᠷ ᠪᠦᠷ ᠶᠠᠪᠠᠭᠠᠨ ᠢᠶᠠᠷ 15 ᠮᠢᠨᠦ᠋ᠲ ᠤᠨ ᠳᠣᠲᠣᠷ᠎ᠠ ᠬᠦᠷᠴᠦ ᠪᠣᠯᠤᠨ᠎ᠠ︔ | ︽ᠬᠤᠪᠢᠰᠬᠠᠯᠲᠤ ᠠᠳᠠᠯ ᠠᠬᠤᠢ︾᠂ ︽ᠠᠷᠠᠳ ᠣᠯᠠᠨ ᠤ ᠬᠡᠯᠡᠳᠡᠭ︾᠂ ︽ᠬᠤᠪᠢᠰᠬᠠᠯ ᠤᠨ ᠥᠷᠲᠡᠭᠡ︾᠂ ︽ᠪᠢᠴᠢᠯ ᠬᠦᠰᠡᠯ︾ ᠢ ᠪᠣᠢ ᠪᠣᠯᠭᠠᠵᠤ᠂ | ᠰᠠᠭᠤᠭᠠᠯᠢ ᠠᠷᠠᠳ ᠤᠨ ᠳᠡᠷᠭᠡᠳᠡᠬᠢ ︽ᠲᠡᠷᠭᠡ ᠵᠣᠭᠰᠣᠭᠠᠬᠤ ᠳᠤ ᠬᠦᠴᠢᠷ︾᠂ ︽ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ︾ ᠵᠡᠷᠭᠡ ᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠲᠡᠷᠡ ᠲᠣᠣᠷᠵᠢᠯ ᠤᠨ ᠵᠠᠰᠠᠯᠲᠠ ᠶᠢ ᠢᠳᠡᠪᠬᠢᠲᠡᠢ ᠰᠢᠯᠢᠳᠡᠭᠵᠢᠭᠦᠯᠦᠨ᠂ ᠲᠣᠣᠷᠵᠢᠯ ᠤᠨ ᠠᠵᠢᠯᠲᠠᠨ ᠤ ᠡᠳᠦᠷ | ᠲᠤᠲᠤᠮ ᠤᠨ ᠲᠣᠭᠤᠷᠢᠨ ᠪᠠᠶᠢᠴᠠᠭᠠᠯᠲᠠ ᠶᠢᠨ ᠰᠤᠷᠪᠤᠯᠵᠢᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠲᠦᠭ ᠲᠦᠮᠡᠨ ᠡᠷᠦᠬᠡ ᠳᠤ ᠬᠦᠷᠭᠡᠵᠦ᠂ ᠠᠶᠤᠯ ᠲᠦᠭᠰᠢᠭᠦᠷᠢ ᠭᠡᠮ ᠰᠣᠭᠤᠭ ᠢ ᠡᠷᠲᠡ ᠢᠯᠡᠷᠡᠭᠦᠯᠦᠨ ᠡᠷᠲᠡᠬᠡᠨ ᠰᠢᠢᠳᠪᠦᠷᠢᠯᠡᠬᠦ ᠶᠢ ᠪᠡᠶᠡᠯᠡᠭᠦᠯᠵᠡᠢ᠃ | 2021 ᠣᠨ ᠳᠤ ᠬᠠᠨ ᠠᠭᠤᠯᠠ ᠨᠡᠶᠢᠭᠡᠮ ᠲᠣᠭᠤᠷᠢᠭ ᠲᠤ ᠲᠤᠰᠢᠶᠠᠯ ᠡᠭᠦᠷᠭᠡᠯᠡᠬᠦ ᠳᠡᠭᠡᠨ᠂ ᠢᠦᠢ ᠸᠧᠢ ᠫᠧᠩ ᠰᠦᠯᠵᠢᠶᠡᠨ ᠤ ᠠᠵᠢᠯᠲᠠᠨ ᠢ ᠳᠠᠭᠠᠭᠤᠯᠤᠨ | ᠡᠷᠦᠬᠡ ᠳᠤ ᠬᠦᠷᠴᠦ ᠰᠤᠷᠪᠤᠯᠵᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠡᠯ᠎ᠡ ᠲᠠᠯ᠎ᠠ ᠶᠢᠨ ᠬᠦᠴᠦᠨ ᠢ | ᠵᠣᠬᠢᠴᠠᠭᠤᠯᠵᠤ᠂ ᠶᠠᠳᠠᠭᠤ ᠬᠦᠴᠢᠷᠳᠡᠯᠲᠡᠢ ᠭᠡᠷ ᠪᠦᠯᠢ ᠶᠢ ᠬᠠᠪᠰᠤᠷᠤᠨ ᠲᠦᠷ ᠴᠠᠭ ᠤᠨ ᠠᠪᠤᠷᠠᠨ ᠲᠤᠰᠠᠯᠠᠬᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠯᠭᠡᠪᠡ᠃ | ᠡᠭᠦᠨ ᠤ ᠬᠠᠮᠲᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠢᠯᠠᠩᠭᠤᠶ᠎ᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡ᠂ ᠨᠡᠶᠢᠭᠡᠮ ᠲᠣᠭᠤᠷᠢᠭ ᠤᠨ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠲᠠᠪᠴᠠᠩ ᠳᠤ ᠲᠦᠰᠢᠭᠯᠡᠨ᠂ ︽ᠰᠦᠯᠵᠢᠶᠡᠨ ᠳᠡᠭᠡᠷᠡᠬᠢ ᠬᠢᠴᠢᠶᠡᠯ ᠤᠨ ᠲᠠᠩᠬᠢᠮ︾ | ᠭᠠᠷᠭᠠᠵᠤ᠂ ᠶᠣᠰᠣ ᠰᠤᠷᠲᠠᠬᠤᠨ ᠤ ᠵᠢᠱᠢᠶᠡᠴᠢ ᠶᠢ ᠤᠷᠢᠵᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠶᠢᠨ ᠰᠠᠶᠢᠬᠠᠨ | ᠬᠡᠪ ᠰᠤᠷᠲᠠᠯ ᠢ ᠪᠣᠢ ᠪᠣᠯᠭᠠᠪᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠢᠷᠡᠬᠦᠶ᠎ᠡ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ | ᠲᠡᠷᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠡᠳᠬᠢᠮᠵᠢ ᠶᠢᠨ ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ | ᠨᠠᠰᠤᠲᠠᠶᠢᠴᠤᠳ ᠤᠨ ᠠᠵᠢᠯᠯᠠᠭᠠᠨ ᠤ ᠲᠠᠰᠤᠭ ᠢ ᠲᠦᠷᠦᠭᠦᠯᠡᠨ ᠪᠠᠶᠢᠭᠤᠯᠵᠤ᠂ ᠰᠠᠭᠤᠭᠠᠯᠢ ᠠᠷᠠᠳ ᠲᠤ ︽ᠨᠢᠭᠡ ᠥᠷᠲᠡᠭᠡᠨ ᠤ ᠮᠠᠶ᠋ᠢᠭ︾ ᠤᠨ ᠰᠡᠳᠬᠢᠴᠡ ᠶᠢᠨ | ᠬᠠᠪᠰᠤᠷᠤᠨ ᠵᠢᠯᠣᠭᠤᠳᠣᠯᠭ᠎ᠠ᠂ ᠰᠡᠯᠡᠭᠦᠴᠡᠯ ᠵᠤᠭ᠎ᠠ ᠴᠡᠩᠭᠡᠯ᠂ ᠡᠷᠡᠭᠦᠯ ᠮᠡᠨᠳᠦ ᠶᠢᠨ ᠯᠠᠪᠯᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠨᠠᠰᠤᠲᠠᠶᠢᠴᠤᠳ ᠢ | ᠬᠠᠪᠰᠤᠷᠤᠨ ᠡᠷᠡᠭᠦᠯᠵᠢᠭᠦᠯᠬᠦ ᠵᠡᠷᠭᠡ ᠦᠢᠯᠡᠴᠢᠯᠡᠭᠡ ᠬᠠᠩᠭᠠᠪᠠ᠃ ᠲᠡᠷᠡ ᠨᠡᠶᠢᠭᠡᠮ ᠲᠣᠭᠤᠷᠢᠭ ᠤᠨ ᠨᠠᠮ ᠤᠨ ᠬᠤᠷᠢ᠊ ᠡᠶ᠎ᠡ ᠪᠠᠷ ᠭᠤᠣᠯ ᠪᠣᠯᠭᠠᠵᠤ᠂ ︽ᠳᠥᠷᠪᠡᠨ | ᠨᠡᠶᠢᠭᠡᠮ ᠲᠣᠭᠤᠷᠢᠭ ᠤᠨ ᠬᠤᠯᠪᠣᠭᠠᠯᠠᠨ ᠬᠥᠳᠡᠯᠦᠯᠴᠡᠬᠦ︾ ᠠᠵᠢᠯ ᠤᠨ ᠲᠣᠭᠲᠠᠴᠠ ᠪᠠᠷ ᠨᠡᠶᠢᠭᠡᠮ ᠲᠣᠭᠤᠷᠢᠭ ᠤᠨ ︽ᠨᠡᠶᠢᠭᠡᠮᠴᠢᠯᠡᠬᠦ︾ ᠦᠢᠯᠡᠴᠢᠯᠡᠭᠡ ᠶᠢ ᠶᠡᠬᠡᠪᠡᠷ | ᠠᠬᠢᠭᠤᠯᠵᠤ᠂ ᠨᠡᠶᠢᠭᠡᠮ ᠲᠣᠭᠤᠷᠢᠭ ᠪᠣᠯᠤᠨ ᠬᠠᠷᠢᠶ᠎ᠠ ᠣᠷᠣᠨ ᠤ ᠳᠣᠲᠣᠨ᠎ᠠ ᠭᠠᠳᠠᠨᠠᠬᠢ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠭ᠎ᠠ ᠪᠣᠯᠤᠨ | ᠨᠡᠪᠲᠡᠷᠡᠯᠴᠡᠭᠡ ᠪᠠᠨ ᠴᠢᠩᠭᠠᠳᠬᠠᠵᠤ᠂ ᠣᠯᠠᠨ ᠲᠠᠯ᠎ᠠ ᠶᠢᠨ ᠬᠦᠴᠦᠨ ᠪᠣᠯᠤᠨ ᠡᠬᠢ ᠪᠠᠶᠠᠯᠢᠭ ᠢ ᠨᠡᠶᠢᠳᠬᠡᠵᠦ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ | ᠬᠥᠮᠦᠨ ᠢᠶᠠᠷ ᠦᠨᠳᠦᠰᠦ ᠪᠣᠯᠭᠠᠵᠤ᠂ ᠰᠠᠭᠤᠭᠠᠯᠢ ᠠᠷᠠᠳ ᠲᠤ ᠦᠢᠯᠡᠴᠢᠯᠡᠬᠦ︾ ᠶᠢ ᠢᠮᠠᠭᠲᠠ ᠠᠵᠢᠯ ᠤᠨ ᠢᠶᠠᠨ ᠵᠣᠷᠢᠯᠲᠠ ᠪᠣᠯᠭᠠᠵᠤ᠂ ︽1446 ᠠᠵᠢᠯ ᠤᠨ | ᠠᠷᠭ᠎ᠠ︾ ᠶᠢ ᠰᠢᠨᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠲᠤ ᠴᠣᠭᠴᠠᠯᠠᠬᠤ᠂ | ᠬᠦᠴᠦᠨ ᠢᠶᠠᠨ ᠲᠥᠪᠯᠡᠷᠡᠭᠦᠯᠦᠨ ᠳᠥᠷᠪᠡ ᠶᠢ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠢ | ᠪᠣᠯᠭᠠᠵᠤ ᠬᠥᠮᠦᠨ ᠢ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠢᠷᠭᠤᠭᠠᠨ ᠡᠩᠨᠡᠭᠡ ᠶᠢ ᠵᠣᠬᠢᠶᠠᠨ ᠪᠠᠶᠢᠭᠤᠯᠵᠤ᠂ ᠦᠨᠳᠦᠰᠦᠲᠡᠨ ᠤ | ᠪᠦᠯᠬᠦᠮ ᠢ ᠤᠶᠠᠯᠳᠤᠭᠤᠯᠤᠭᠰᠠᠨ ᠬᠥᠭᠵᠢᠮ ᠢ ᠬᠥᠭᠵᠢᠮᠳᠡᠪᠡ᠃ |