ᠵᠠᠩ ᠰᠢᠤ ᠴᠢᠨ᠂ ᠡᠮᠡᠭᠲᠡᠢ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠲᠥᠷᠥᠵᠡᠢ᠂ 1995 ᠣᠨ ᠤ 7 ᠰᠠᠷ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠳᠤ ᠣᠷᠣᠪᠠ᠂ ᠣᠳᠣ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠃ ᠲᠡᠷᠡ ᠢᠮᠠᠭᠲᠠ ᠦᠨᠳᠦᠰᠦᠲᠡᠨ ᠤ ᠠᠵᠢᠯ ᠤᠨ ᠪᠠᠶᠢᠷᠢ ᠪᠠᠨ | ᠪᠠᠲᠤ ᠰᠠᠬᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ | ᠤᠶᠠᠯᠳᠤᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠦᠨᠳᠦᠰᠦᠲᠡᠨ ᠤ | ᠪᠦᠯᠬᠦᠮᠳᠡᠯ ᠤᠨ ᠴᠡᠴᠡᠭ ᠢ ᠤᠰᠤᠯᠠᠭᠰᠠᠭᠠᠷ ᠢᠷᠡᠵᠡᠢ᠃ | 2022 ᠣᠨ ᠳᠤ ᠵᠠᠩ ᠰᠢᠤ ᠴᠢᠨ ᠠᠶᠢᠮᠠᠭ ᠤᠨ ᠨᠠᠮ ᠤᠨ ᠬᠤᠷᠢ᠊ ᠡᠶ᠎ᠡ᠂ ᠠᠶᠢᠮᠠᠭ ᠤᠨ ᠵᠠᠬᠢᠷᠭ᠎ᠠ ᠳᠤ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠢᠶᠠᠷ ᠦᠨᠡᠯᠡᠭᠳᠡᠵᠦ᠂ 2024 ᠣᠨ ᠤ 6 ᠰᠠᠷ᠎ᠠ ᠳᠤ ᠬᠢᠩᠭᠠᠨ ᠠᠶᠢᠮᠠᠭ ᠤᠨ ᠰᠢᠯᠢᠳᠡᠭ ᠡᠪ ᠬᠠᠮᠲᠤ ᠨᠠᠮ ᠤᠨ | ᠭᠡᠰᠢᠭᠦᠨ ᠢᠶᠠᠷ ᠦᠨᠡᠯᠡᠭᠳᠡᠪᠡ᠃ ᠵᠠᠩ ᠰᠢᠤ ᠴᠢᠨ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠰᠠᠬᠢᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠢ ᠥᠷᠨᠢᠭᠦᠯᠬᠦ ᠬᠤᠭᠤᠴᠠᠭᠠᠨ ᠳᠤ᠂ ᠲᠡᠷᠡ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠢ ᠵᠣᠬᠢᠶᠠᠨ ᠪᠠᠶᠢᠭᠤᠯᠤᠨ ︽ᠨᠠᠮ ᠤᠨ ᠳᠦᠷᠢᠮ︾᠂ | ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ︾ ᠵᠡᠷᠭᠡ ᠶᠢ ᠰᠤᠷᠤᠯᠴᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ | ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠢᠯᠡ | ᠲᠥᠷᠥᠭᠳᠡᠯ ᠲᠠᠢ ᠪᠦᠲᠦᠮᠵᠢᠲᠡᠢ ᠰᠠᠶᠢᠲᠤᠷ ᠬᠢᠯᠭᠡᠪᠡ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠲᠡᠷᠡ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠵᠤ᠂ ᠤᠯᠤᠰ ᠲᠥᠷᠥ ᠶᠢᠨ | ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠪᠠ᠃ | ᠲᠡᠷᠡ ᠵᠢᠱᠢᠶ᠎ᠡ ᠦᠵᠡᠭᠦᠯᠬᠦ ᠨᠢᠭᠡᠴᠡ᠂ ᠭᠠᠴᠠᠭ᠎ᠠ ᠶᠢ ᠬᠠᠪᠰᠤᠷᠤᠨ ᠲᠡᠳᠬᠦᠬᠦ ᠪᠠᠶᠢᠴᠠᠭᠠᠨ ᠰᠤᠳᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠢ ᠣᠶᠢᠯᠠᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠴᠢᠭᠯᠡᠭᠦᠯᠦᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ | ᠬᠦ ᠴᠢᠩᠭᠠᠳᠬᠠᠪᠠ᠃ ᠵᠠᠩ ᠰᠢᠤ ᠴᠢᠨ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ | ᠂ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ | ᠳᠤᠮᠳᠠ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠤ ᠣᠷᠣᠬᠤ ᠲᠠᠩᠭᠠᠷᠢᠭ ᠢᠶᠠᠨ ᠦᠢᠯᠡᠳᠦᠯᠭᠡᠵᠢᠭᠦᠯᠵᠦ᠂ ᠠᠵᠢᠯ ᠨᠢᠭᠡᠪᠦᠷᠢ ᠶᠢ ᠨᠠᠷᠢᠨ ᠬᠢᠨᠠᠮᠠᠭᠠᠢ ᠰᠠᠶᠢᠲᠤᠷ ᠬᠢᠬᠦ | ᠬᠡᠷᠡᠭᠲᠡᠢ᠃ ᠵᠢᠯ ᠪᠦᠷᠢ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠪᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠳᠤᠮᠳᠠ᠂ ᠲᠡᠷᠡ ᠪᠦᠬᠦ ᠬᠤᠰᠢᠭᠤᠨ ᠤ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠢ ᠢᠳᠡᠪᠬᠢᠲᠡᠢ ᠵᠣᠬᠢᠶᠠᠨ ᠪᠠᠶᠢᠭᠤᠯᠤᠨ ᠠᠵᠢᠯᠯᠠᠭ᠎ᠠ ᠥᠷᠨᠢᠭᠦᠯᠵᠦ᠂ ᠨᠡᠶᠢᠲᠡ ᠲᠦᠮᠡ ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠰᠤᠷᠭᠠᠭᠤᠯᠢ᠂ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠳᠤ ᠴᠢᠷᠮᠠᠶᠢᠨ ᠨᠡᠭᠡᠭᠡᠪᠡ᠃ | ᠵᠠᠩ ᠰᠢᠦ ᠴᠢᠨ ᠬᠡᠵᠢᠶᠡᠳᠡ ᠪᠡᠶ᠎ᠡ ᠪᠠᠨ ᠴᠢᠩᠭ᠎ᠠ ᠱᠠᠬᠠᠷᠳᠠᠪᠠ᠃ | ᠲᠡᠷᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠠᠷᠢᠭᠤᠴᠠᠭᠰᠠᠨ ᠠᠴᠠ ᠨᠠᠰᠢ᠂ ᠤᠳᠤᠷᠢᠳᠤᠯᠭ᠎ᠠ ᠶᠢ ᠬᠠᠪᠰᠤᠷᠤᠨ ︽ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ | ︵2021 - 2025︶︾ ᠶᠢ ᠨᠠᠶᠢᠷᠠᠭᠤᠯᠤᠨ ᠵᠣᠬᠢᠶᠠᠵᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠬᠡᠷᠡᠭᠵᠢᠭᠦᠯᠬᠦ ᠨᠠᠷᠢᠨ ᠳᠦᠷᠢᠮ | ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠦᠨᠡᠨ ᠬᠦ ᠪᠣᠢ ᠪᠣᠯᠭᠠᠪᠠ᠃ | 2021 ᠣᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠠᠮᠲᠤ ᠨᠡᠶᠢᠲᠡ 2᠂ ᠵᠢᠱᠢᠶᠡᠴᠢ ᠬᠤᠪᠢ ᠬᠥᠮᠦᠨ 2 ᠢᠯᠡᠷᠡᠵᠦ ᠪᠤᠢ︔ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠨᠢᠭᠡᠴᠡ 3 ᠪᠤᠢ︔ ᠠᠶᠢᠮᠠᠭ ᠤᠨ ᠱᠠᠲᠤᠨ ᠤ ᠵᠢᠱᠢᠶ᠎ᠡ ᠦᠵᠡᠭᠦᠯᠬᠦ ᠨᠢᠭᠡᠴᠡ 6᠂ ᠠᠶᠢᠮᠠᠭ ᠤᠨ ᠱᠠᠲᠤᠨ ᠤ ᠵᠢᠱᠢᠶᠡᠴᠢ ᠬᠤᠪᠢ ᠬᠥᠮᠦᠨ 13 ᠪᠤᠢ᠃ |